ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 5 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠣᠯᠣᠨ ᠳᠤᠮᠳᠠᠳᠤ ᠤᠯᠤᠰ ᠤᠨ | ᠤᠯᠤᠰ ᠤᠨ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠤ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ | ᠳᠡᠯᠭᠡᠪᠡ᠃ | ᠰᠢ ᠶᠢᠨ ᠫᠢᠩ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ | ᠭᠠᠭᠴᠠ ᠬᠦ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠪᠠᠯ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ ᠲᠤᠰ ᠲᠤᠰ ᠤᠨ | ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ | ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ ᠦᠭᠡᠢ᠂ ᠳᠡᠯᠡᠬᠡᠢ ᠶᠢᠨ ᠤᠯᠠᠨ | ᠲᠦᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠬᠤᠷᠢᠭᠯᠠᠵᠤ ᠳᠡᠶᠢᠯᠭᠦ ᠦᠭᠡᠢ | ᠶᠤᠮ᠃ ᠪᠢ ᠳᠤᠷᠠᠲᠠᠶ᠎ᠠ ᠶᠡᠷᠦᠩᠬᠡᠶᠢᠯᠡᠭᠴᠢ ᠫᠦᠲ᠋ᠢᠨ ᠯᠦᠭᠡ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ | ᠬᠠᠷᠢᠯᠴᠠᠭ᠎ᠠ ᠶᠢᠨ ᠴᠢᠭᠯᠡᠯ ᠢ ᠡᠵᠡᠮᠳᠡᠨ ᠠᠶᠠᠯᠠᠯ ᠢ ᠳᠠᠭᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠫᠦᠲ᠋ᠢᠨ᠂ ᠤᠷᠤᠰ ᠳᠤᠮᠳᠠᠳᠤ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠠᠷᠢᠯᠴᠠᠨ ᠳᠡᠮᠵᠢᠵᠦ᠂ | ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ | ᠫᠢᠩ ᠯᠦᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠵᠤ᠂ ᠳᠡᠯᠡᠬᠡᠢ ᠶᠢᠨ ᠨᠠᠷᠢᠨ ᠪᠤᠳᠤᠯᠢᠶᠠᠨᠲᠠᠢ | ᠪᠠᠶᠢᠳᠠᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠡᠯᠡᠬᠡᠢ | ᠳ᠋ᠠᠬᠢᠨ ᠤ ᠲᠥᠪ ᠭᠤᠣᠯᠴᠢ᠂ ᠠᠷᠠᠳᠴᠢᠯᠠᠯ ᠲᠠᠢ᠂ ᠤᠯᠠᠨ ᠲᠦᠢᠯᠵᠢᠯᠳᠠ ᠲᠡᠶᠢᠰᠢ ᠬᠥᠭᠵᠢᠬᠦ ᠶᠢ ᠠᠬᠢᠭᠤᠯᠤᠨ᠎ᠠ ᠭᠡᠵᠦ | ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠤᠯᠤᠰ ᠬᠠᠮᠲᠤ ᠶᠢᠨ᠂ ᠶᠡᠷᠦᠩᠬᠡᠶᠢᠯᠡᠭᠰᠡᠨ᠂ | ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ ᠤᠨ ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠬᠤ ᠶᠢᠨ | ᠬᠠᠮᠲᠤ ᠪᠠᠷᠢᠮᠲᠠᠯᠠᠵᠤ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠵᠤ᠂ ᠬᠢᠮᠤᠷᠠᠯ | ᠡᠭᠦᠰᠬᠦ ᠦᠨᠳᠦᠰᠦ ᠰᠤᠷᠪᠤᠯᠵᠢ ᠶᠢ ᠠᠷᠢᠯᠭᠠᠪᠠᠯ ᠵᠣᠬᠢᠨ᠎ᠠ ᠭᠡᠵᠦ ᠦᠵᠡᠵᠦ ᠪᠠᠶᠢᠨ᠎ᠠ᠃ ᠳᠤᠮᠳᠠᠳᠤ ᠤᠯᠤᠰ ᠡᠩᠬᠡ | ᠲᠠᠶᠢᠪᠤᠩ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠪᠠᠶᠠᠷᠯᠠᠨ ᠤᠭᠲᠤᠵᠤ᠂ ᠶᠠᠷᠢᠯᠴᠠᠭ᠎ᠠ ᠪᠠᠷ ᠳᠠᠮᠵᠢᠨ ᠡᠷᠬᠡ ᠲᠡᠭᠰᠢ᠂ ᠥᠨᠢ | ᠤᠳᠠᠭᠠᠨ ᠤ᠂ ᠬᠢᠵᠠᠭᠠᠷᠯᠠᠬᠤ ᠬᠦᠴᠦᠨ ᠲᠠᠢ ᠪᠥᠭᠡᠳ ᠡᠯ᠎ᠡ ᠲᠤᠬᠠᠢ ᠶᠢᠨ ᠲᠠᠯ᠎ᠠ ᠶᠢᠨ ᠬᠢᠨ ᠭᠥᠯᠢᠶᠡᠨ ᠠᠪᠤᠭᠰᠠᠨ | ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠫᠦᠲ᠋ᠢᠨ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠲᠠᠯ᠎ᠠ ᠪᠠᠷ ᠬᠢ ᠳᠤᠮᠳᠠᠳᠤ ᠤᠯᠤᠰ ᠤᠨ | ᠪᠤᠰᠤᠳᠴᠢ ᠪᠥᠭᠡᠳ ᠲᠥᠪ ᠭᠤᠣᠯᠴᠢ ᠵᠣᠭᠰᠣᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠣᠷᠣᠰ | ᠳᠤᠷᠠᠲᠠᠶ᠎ᠠ ᠤᠷᠢᠲᠠᠯ ᠨᠥᠬᠦᠴᠡᠯ ᠳᠤᠷᠠᠳᠬᠤ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠵᠦ᠂ ᠲᠥᠪ ᠭᠤᠣᠯᠴᠢ᠂ | ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ |