6 ᠰᠠᠷ᠎ᠠ ᠶᠢᠨ 9 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ | ᠬᠦᠴᠦᠯᠡᠨ ᠬᠦᠴᠦᠷᠬᠡᠭᠵᠢᠭᠦᠯᠵᠦ᠂ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠪᠠ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠬᠢᠴᠢᠶᠡᠯ | ᠨᠢᠭᠡ ᠪᠦᠷᠢ ᠪᠠ ᠰᠤᠷᠤᠬᠴᠢᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠡᠮᠦᠨᠡᠰᠢᠯᠡᠵᠦ ᠲᠠᠰ ᠳᠡᠪᠰᠢᠬᠦ ᠶᠢ | ᠦᠷᠭᠦᠯᠵᠢᠯᠡᠨ ᠠᠬᠢᠭᠤᠯᠵᠤ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠤᠶᠠᠯᠳᠤᠭᠤᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ︽ | ᠮᠧᠩ ᠺᠧ ᠵᠢᠦᠢ︾ ᠶᠢ ᠰᠠᠶᠢᠲᠤᠷ ᠬᠡᠷᠡᠭᠯᠡᠨ᠂ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ᠂ ᠦᠷ᠎ᠡ | ᠪᠦᠲᠦᠭᠡᠯ ᠢᠶᠠᠨ ᠦᠢᠯᠡᠳᠪᠦᠷᠢᠯᠡᠯ ᠤᠨ ᠬᠦᠴᠦᠨ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠲᠣᠭᠤᠷᠢᠨ ᠪᠠᠶᠢᠴᠠᠭᠠᠯᠲᠠ ᠪᠠ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ | ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠡᠷᠲᠡᠬᠡᠨ ᠬᠢᠨᠠᠨ ᠬᠠᠷᠭᠤᠭᠤᠯᠵᠤ᠂ ᠡᠷᠲᠡᠬᠡᠨ | ᠰᠢᠢᠳᠪᠦᠷᠢᠯᠡᠵᠦ᠂ ᠡᠷᠲᠡᠬᠡᠨ ᠰᠢᠢᠳᠪᠦᠷᠢᠯᠡᠵᠦ ᠳᠠᠭᠤᠰᠬᠠᠵᠤ᠂ ᠲᠥᠷᠥ ᠶᠢᠨ ᠪᠣᠳᠣᠯᠭ᠎ᠠ ᠳᠤ ᠨᠡᠶᠢᠴᠡᠬᠦ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠤᠷᠢᠳ ᠢᠶᠠᠷ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠲᠡᠢ︔ ᠲᠦᠷᠦ ᠶᠢᠨ ᠪᠣᠳᠣᠯᠭ᠎ᠠ ᠳᠤ ᠨᠡᠶᠢᠴᠡᠬᠦ ᠦᠭᠡᠢ ᠶᠢ ᠨᠢ | ᠴᠢᠨᠠᠭᠰᠢᠳᠠ ᠪᠣᠳᠠᠲᠠᠢ ᠠᠰᠠᠭᠤᠨ ᠰᠤᠷᠪᠤᠯᠵᠢᠯᠠᠵᠤ᠂ ᠤᠯᠠᠨ ᠲᠦᠮᠡᠨ ᠤ ᠠᠵᠢᠯ ᠢ ᠨᠢᠭᠤᠷᠳᠠᠨ ᠰᠠᠶᠢᠲᠤᠷ ᠬᠢᠬᠦ | ᠬᠡᠷᠡᠭᠲᠡᠢ᠃ ᠨᠡᠶᠢᠲᠡᠯᠢᠭ ᠴᠢᠨᠠᠷᠲᠠᠢ ᠲᠣᠪᠤᠶᠢᠮ᠎ᠠ ᠠᠰᠠᠭᠤᠳᠠᠯ ᠢ ᠲᠡᠰ ᠳᠠᠪᠠᠭᠤᠯᠤᠨ ᠰᠤᠳᠤᠯᠵᠤ᠂ ᠨᠢᠭᠡ ᠠᠰᠠᠭᠤᠳᠠᠯ ᠢ | ᠢᠯᠡᠷᠡᠭᠦᠯᠪᠡᠯ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︽ᠨᠢᠭᠡ ᠱᠤᠭᠤᠮ︾ ᠤᠨ ᠲᠣᠭᠲᠠᠴᠠ | ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠷ᠎ᠡ | ᠳ᠋ᠦᠩ ᠨᠢ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠂ ᠶᠠᠭᠠᠬᠢᠭᠰᠠᠨ ᠴᠤ ᠬᠤᠳᠠᠯ | ᠬᠡᠯᠡᠵᠦ ᠬᠠᠭᠤᠷᠮᠠᠭ ᠢᠶᠠᠷ ᠦᠢᠯᠡᠳᠴᠦ ᠪᠤᠯᠬᠤ ᠦᠭᠡᠢ ᠭᠡᠵᠦ ᠱᠠᠭᠠᠷᠳᠠᠪᠠ᠃ | ᠬᠤᠷᠠᠯ ᠠᠴᠠ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠪᠣᠯᠣᠨ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ︽ᠵᠢᠷᠭᠤᠭᠠᠨ | ᠠᠵᠢᠯᠯᠠᠭ᠎ᠠ︾ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠠᠰᠠᠭᠤᠳᠠᠯ ᠢ ᠬᠠᠨᠳᠤᠯᠭᠠᠲᠤ | ᠴᠢᠨᠠᠷᠲᠠᠢ ᠪᠠᠷ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ | ᠳᠠᠪᠬᠤᠷᠭ᠎ᠠ ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠶᠢ | ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠡᠨᠧᠷᠭᠢ ᠶᠢᠨ ᠬᠤᠷᠣᠭᠳᠠᠭᠤᠯᠤᠯ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠪᠡᠯᠡ ᠮᠥᠩᠭᠦᠨ ᠤ ᠢᠷᠡᠯᠲᠡ ᠵᠡᠷᠭᠡ ᠪᠠᠶᠢᠳᠠᠯ ᠢ ᠨᠠᠷᠢᠨ | ᠬᠢᠨᠠᠮᠠᠭᠠᠢ ᠦᠨᠡᠯᠡᠨ ᠵᠢᠱᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠲᠦᠷᠦᠯ | ᠵᠦᠢᠯ ᠨᠢ ᠪᠦᠷ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ | ᠢᠯᠡᠷᠡᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ ᠳᠤ ᠨᠡᠶᠢᠴᠡᠬᠦ ᠶᠢ ᠪᠠᠲᠤᠯᠠᠬᠤ | ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠬᠤᠲᠠ ᠪᠠᠯᠭᠠᠰᠤᠨ ᠤ ᠠᠵᠢᠯ ᠠᠯᠳᠠᠯᠲᠠ ᠶᠢᠨ | ᠨᠣᠷᠮ᠎ᠠ ᠶᠢ 5.5% ᠣᠷᠴᠢᠮ ᠪᠠᠶᠢᠯᠭᠠᠬᠤ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠭᠦ | ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠬᠥᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ ᠪᠠᠷ ᠳᠡᠮᠵᠢᠨ ᠮᠠᠯᠴᠢᠨ ᠲᠠᠷᠢᠶᠠᠴᠢᠨ ᠢ ᠳᠠᠶᠢᠴᠢᠯᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠳᠤ | ᠣᠷᠣᠯᠴᠠᠭᠤᠯᠵᠤ ᠣᠶᠢᠷ᠎ᠠ ᠬᠠᠪᠢ ᠳᠤᠨᠢ ᠠᠵᠢᠯ ᠣᠯᠭᠤᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠣᠷᠣᠰᠢᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ | ᠦᠢᠯᠡᠴᠢᠯᠡᠭᠡ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠪᠣᠯᠣᠨ ᠬᠥᠳᠡᠭᠡ ᠲᠣᠰᠬᠤᠨ ᠤ ᠬᠠᠮᠲᠤ ᠶᠢᠨ ︽ | ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠵᠢᠷᠭᠤᠭᠠᠨ ᠲᠠᠯ᠎ᠠ ᠶᠢᠨ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠰᠣᠨᠣᠰᠴᠤ᠂ ᠦᠨᠡᠨ ᠬᠦ | ᠬᠠᠲᠠᠭᠤ ᠲᠠᠢ ᠨᠢ ᠬᠠᠯᠳᠠᠵᠤ ᠰᠢᠭᠰᠢᠨ ᠪᠠᠶᠢᠴᠠᠭᠠᠵᠤ᠂ ᠥᠩᠭᠡᠨ ᠲᠠᠯ᠎ᠠ ᠶᠢᠨ ᠲᠡᠳᠦᠢ ᠪᠠᠶᠢᠵᠤ ᠪᠤᠯᠬᠤ ᠦᠭᠡᠢ ᠨᠡᠩ | ᠴᠤ ᠳᠤᠲᠠᠭᠤᠳᠠᠯ ᠢᠶᠠᠨ ᠳᠠᠷᠤᠵᠤ ᠪᠤᠯᠬᠤ ᠦᠭᠡᠢ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠢ ᠪᠠᠷᠢᠨ | ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠪᠦᠭᠦ ᠲᠠᠯ᠎ᠠ ᠳᠤ ᠬᠤᠯᠪᠣᠭᠳᠠᠬᠤ ᠵᠦᠢᠯ ᠢ ᠨᠢᠭᠡ ᠠᠴᠠ | ᠨᠦᠭᠦᠭᠡ ᠶᠢ ᠵᠦᠢᠴᠢᠯᠡᠨ ᠮᠡᠳᠡᠵᠦ᠂ ᠳᠦᠷᠢᠮ ᠲᠣᠭᠲᠠᠭᠠᠯ ᠲᠣᠭᠲᠠᠭᠠᠵᠤ᠂ ᠤᠯᠠᠨ ᠲᠦᠮᠡᠨ ᠳᠤ ᠦᠨᠡᠨ ᠪᠣᠳᠠᠲᠠᠢ | ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠤᠭᠰᠠᠨ ᠢ ᠰᠢᠯᠭᠠᠨ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠥᠰᠥᠯ ᠵᠢᠴᠢ ᠭᠦᠭᠡᠬᠤᠲᠠ ᠪᠤᠭᠤᠲᠤ ᠣᠷᠳᠣᠰ ᠪᠣᠯᠣᠨ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠢᠯ | ᠲᠦᠷᠦᠯ ᠢᠶᠠᠷ ᠬᠠᠪᠰᠤᠷᠤᠨ ᠲᠡᠳᠬᠦᠬᠦ ᠬᠠᠮᠵᠢᠯᠴᠠᠭ᠎ᠠ᠂ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ | ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠰᠤᠳᠤᠯᠵᠠᠢ᠃ |