ᠯᠢ ᠴᠢᠶᠠᠩ ᠪᠣᠯᠣᠨ ᠮᠢᠨ ᠠᠩ ᠯᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠬᠢᠯᠭᠠᠨ ᠮᠡᠳᠡᠭᠡ 6 ᠰᠠᠷ᠎ᠠ ᠶᠢᠨ 8 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠪᠢᠷᠮᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠣᠢ ᠶᠢ ᠪᠡᠯᠭᠡᠯᠡᠪᠡ᠃ | ᠰᠢ ᠶᠢᠨ ᠫᠢᠩ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠳᠤᠮᠳᠠᠳᠤ ᠪᠢᠷᠮᠠ ᠶᠢᠨ ᠠᠬ᠎ᠠ | ᠳᠡᠭᠦᠦ ᠶᠢᠨ ᠨᠥᠬᠦᠷᠯᠡᠯ ᠰᠠᠯᠬᠢ ᠪᠣᠷᠣᠭᠠᠨ ᠢ ᠲᠤᠭᠤᠯᠵᠥ᠂ ᠶᠠᠪᠤᠬᠤ ᠲᠤᠳᠤᠮ ᠪᠠᠬᠢᠵᠢᠪᠡ᠃ ᠬᠤᠶᠠᠷ ᠲᠠᠯ᠎ᠠ ᠪᠠᠷ ᠢᠶᠠᠨ | ᠬᠠᠮᠲᠤ ᠪᠠᠷ ᠰᠠᠨᠠᠭᠠᠴᠢᠯᠠᠭᠰᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ | ᠰᠠᠨᠠᠭ᠎ᠠ ᠶᠢ ᠪᠠᠷᠢᠮᠲᠠᠯᠠᠵᠤ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠲᠠᠢ ᠬᠤᠯᠪᠣᠭᠳᠠᠬᠤ ᠪᠠ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠤ ᠬᠠᠷᠢᠯᠴᠠᠨ ᠡᠷᠡᠰ ᠳᠡᠮᠵᠢᠯᠴᠡᠵᠦ᠂ ᠤᠯᠤᠰ ᠤᠨ ᠬᠤᠭᠤᠷᠣᠨᠳᠣᠭᠢ | ᠨᠥᠭᠦᠷᠰᠡᠭ ᠶᠠᠪᠤᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠤᠨ 5 ᠰᠠᠷ᠎ᠠ ᠳᠤ ᠤᠷᠤᠰ ᠲᠤ ᠪᠢ ᠲᠠᠨ ᠲᠠᠢ ᠠᠭᠤᠯᠵᠠᠵᠤ᠂ ᠳᠤᠮᠳᠠᠳᠤ ᠪᠢᠷᠮᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ | ᠲᠠᠨᠢᠯᠲᠠ ᠲᠠᠢ ᠪᠣᠯᠪᠠ᠃ ᠳᠤᠮᠳᠠᠳᠤ ᠪᠢᠷᠮᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠤᠮᠳᠠᠳᠤ ᠤᠯᠤᠰ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠪᠢᠷᠮᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ᠂ ᠬᠤᠶᠠᠷ | ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠲᠦᠷᠭᠡᠳᠬᠡᠨ | ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ | ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ | ᠦᠢᠯᠡᠳᠦᠨ᠎ᠡ ᠭᠡᠵᠦ ᠴᠢᠬᠤᠯᠠᠴᠢᠯᠠᠪᠠ᠃ | ᠮᠢᠨ ᠠᠩ ᠯᠠᠢ᠂ ᠡᠷᠬᠢᠮ ᠲᠡᠷᠢᠭᠦᠯᠡᠭᠴᠢ ᠲᠠ 2020 ᠣᠨ ᠳᠤ ᠪᠢᠷᠮᠠ ᠳᠤ ᠲᠡᠦᠬᠡᠲᠦ ᠴᠢᠨᠠᠷᠲᠠᠢ ᠠᠶᠢᠯᠴᠢᠯᠠᠯᠲᠠ | ᠬᠢᠭᠰᠡᠨ ᠨᠢ ᠪᠢᠷᠮᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ | ᠨᠡᠭᠡᠭᠡᠪᠡ᠃ ᠲᠦᠷᠦᠭᠦᠬᠡᠨ ᠪᠢᠷᠮᠠ ᠳᠤ ᠬᠦᠴᠦᠲᠡᠢ ᠭᠠᠵᠠᠷ ᠬᠥᠳᠡᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯᠣᠨ ᠠᠷᠠᠳ ᠲᠦᠮᠡᠨ ᠲᠡᠷᠡ ᠳᠣᠣᠷ᠎ᠠ ᠨᠢ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ᠂ ᠬᠤᠶᠠᠷ ᠤᠯᠤᠰ ᠤᠨ ᠠᠷᠠᠳ | ᠲᠦᠮᠡᠨ ᠤ ᠵᠣᠪᠠᠭᠤᠷᠢ ᠵᠦᠳᠡᠭᠦᠷᠢ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ | ᠨᠥᠬᠦᠷᠯᠡᠯ ᠢ ᠭᠦᠢᠴᠡᠳ ᠢᠯᠡᠷᠡᠭᠦᠯᠪᠡ᠃ ᠪᠢ ᠡᠷᠬᠢᠮ ᠲᠡᠷᠢᠭᠦᠯᠡᠭᠴᠢ ᠲᠠᠨ ᠲᠠᠢ ᠮᠣᠰᠺᠸᠠ ᠳᠤ ᠪᠠᠶᠠᠯᠢᠭ ᠦᠷ᠎ᠡ | ᠪᠦᠲᠦᠭᠡᠯ ᠲᠠᠢ ᠠᠭᠤᠯᠵᠠᠯᠲᠠ ᠬᠢᠵᠦ᠂ ᠪᠢᠷᠮᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠳᠤᠮᠳᠠᠳᠤ ᠤᠯᠤᠰ ᠠᠴᠠ ᠪᠢᠷᠮᠠ ᠶᠢᠨ ᠡᠩᠬᠡ | ᠲᠠᠶᠢᠪᠤᠩ ᠲᠣᠭᠲᠠᠭᠤᠨ᠂ ᠦᠨᠳᠦᠰᠦᠲᠡᠨ ᠤ ᠡᠶᠡᠳᠡᠯ᠂ ᠠᠵᠤ ᠠᠬᠤᠢ ᠶᠢᠨ ᠬᠥᠭᠵᠢᠯᠲᠡ ᠶᠢ ᠪᠡᠶᠡᠯᠡᠭᠦᠯᠬᠦ ᠶᠢ ᠡᠷᠡᠰ ᠳᠡᠮᠵᠢᠵᠦ | ᠪᠠᠶᠢᠭ᠎ᠠ ᠳᠤ ᠲᠠᠯᠠᠷᠬᠠᠵᠤ ᠪᠠᠶᠢᠨ᠎ᠠ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠲᠦᠷᠭᠡᠳᠬᠡᠨ | ᠠᠬᠢᠭᠤᠯᠵᠤ᠂ ᠨᠡᠩ ᠡᠷᠴᠢᠮ ᠲᠠᠢ᠂ ᠨᠡᠩ ᠳᠠᠭᠠᠭᠠᠮᠠᠭᠠᠢ᠂ ᠬᠠᠷᠢᠯᠴᠠᠨ ᠠᠰᠢᠭᠲᠠᠢ ᠬᠠᠨᠢᠲᠠᠨ ᠤ ᠬᠠᠷᠢᠯᠴᠠᠭ᠎ᠠ ᠶᠢ | ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠮᠢᠨ ᠠᠩ ᠯᠠᠢ | ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ | ᠨᠥᠭᠦᠷᠰᠡᠭ ᠰᠣᠯᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠦᠷᠭᠡᠨ ᠠᠬᠢᠴᠠ ᠲᠠᠢ ᠪᠣᠯᠪᠠ᠃ ᠪᠢ | ᠳᠤᠷᠠᠲᠠᠶ᠎ᠠ ᠲᠠᠨ ᠲᠠᠢ ᠬᠠᠮᠲᠤ ᠪᠠᠷ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠮᠢᠨ ᠠᠩ ᠯᠠᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ | ᠵᠢᠯᠣᠭᠤᠳᠤᠯᠭ᠎ᠠ ᠳᠣᠣᠷ᠎ᠠ᠂ ᠪᠢᠷᠮᠠ ᠳᠤᠮᠳᠠᠳᠤ ᠶᠢᠨ ᠬᠠᠷᠢᠯᠴᠠᠭ᠎ᠠ ᠲᠣᠭᠲᠠᠭᠤᠨ ᠢᠶᠠᠷ ᠤᠷᠤᠭᠰᠢ ᠬᠥᠭᠵᠢᠪᠡ᠃ | ᠪᠢᠷᠮᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠭᠠᠷ ᠬᠤᠯᠪᠣᠯᠴᠠᠨ ᠪᠢᠷᠮᠠ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ | ᠪᠤᠶᠠᠨ ᠦᠢᠯᠡᠳᠦᠨ᠎ᠡ ᠭᠡᠵᠦ ᠢᠯᠡᠳᠬᠡᠪᠡ᠃ | |