ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠯᠧᠺᠲᠷᠤᠨ ᠬᠤᠳᠠᠯᠳᠤᠭᠠᠨ ᠤ ᠠᠵᠢᠯ ᠲᠥᠷᠥᠯ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/6/11
   ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠪᠠᠶᠠᠨᠮᠠᠩᠬ᠎ᠠ ᠰᠤᠮᠤ ᠶᠢᠨ ᠬᠥᠳᠡᠯᠮᠦᠷᠢ ᠬᠦᠴᠦᠨ ᠤ ᠨᠡᠷᠡᠲᠦ ᠲᠡᠮᠳᠡᠭᠲᠦ ᠶᠢᠨ ︽  ᠶᠢ ᠰᠢᠶᠠᠩ ᠠᠶᠢᠯ ᠲᠠᠷᠢᠶᠠᠯᠠᠩ ᠤᠨ ᠬᠥᠮᠦᠰ︾ ᠤᠨ ᠲᠠᠲᠠᠬᠤ ᠬᠦᠴᠦᠨ ᠳᠤ ᠲᠦᠰᠢᠭᠯᠡᠨ᠂ ︽ᠮᠢᠩᠭᠠᠨ ᠡᠯᠧᠺᠲᠷᠤᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ︾ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠬᠦ ᠶᠢᠨ ᠬᠠᠮᠲᠤ ᠶᠡᠬᠡᠪᠡᠷ ᠬᠡᠷᠡᠭᠵᠢᠭᠦᠯᠵᠦ᠂ ᠣᠳᠣᠬᠠᠨ ᠳᠤ ᠤᠯᠠᠮ ᠠᠴᠠ ᠤᠯᠠᠮ ᠣᠯᠠᠨ ᠡᠮᠡᠭᠲᠡᠶᠢᠴᠦᠳ ᠰᠢᠭᠤᠳ ᠨᠡᠪᠲᠡᠷᠡᠭᠦᠯᠭᠡ ᠳᠤ ᠣᠷᠣᠯᠴᠠᠨ ᠪᠠᠷᠠᠭ᠎ᠠ ᠪᠠᠨ ᠠᠪᠴᠤ᠂ ᠰᠢᠨ᠎ᠡ ᠪᠠᠷ ᠬᠥᠭᠵᠢᠭᠰᠡᠨ ᠡᠯᠧᠺᠳ᠋ᠷᠣᠨ ᠬᠤᠳᠠᠯᠳᠤᠭᠠᠨ ᠤ ᠵᠠᠭᠪᠤᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃    ᠣᠶᠢᠷ᠎ᠠ ᠶᠢᠨ ᠡᠳᠦᠷ᠂ ᠬᠢᠩᠭᠠᠨ ᠠᠶᠢᠮᠠᠭ ᠤᠨ ᠵᠢᠢ ᠰᠢᠶᠠᠩ ᠠᠶᠢᠯ ᠳᠠᠷᠢᠶᠠᠯᠠᠩ ᠶᠢᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ᠂ 7 ᠭᠤᠣᠯ ᠨᠡᠪᠲᠡᠷᠡᠭᠦᠯᠦᠭᠴᠢ ᠶᠠᠭ ᠰᠠᠶᠢᠬᠠᠨ ᠣᠷᠭᠠᠨᠢᠭ ᠬᠠᠲᠠᠭᠰᠠᠨ ᠪᠤᠷᠴᠠᠭ ᠢ ᠲᠠᠨᠢᠯᠴᠠᠭᠤᠯᠵᠤ᠂ ᠲᠡᠳᠡ ᠠᠮᠢᠳᠤ ᠴᠣᠪᠣᠭᠤᠯᠢᠭ ᠦᠭᠡ ᠬᠡᠯᠡ ᠪᠠᠷ ᠦᠢᠯᠡᠳᠬᠦᠨ ᠤ ᠥᠰᠥᠯᠲᠡ ᠶᠢᠨ ᠣᠷᠴᠢᠨ ᠲᠣᠭᠤᠷᠢᠨ᠂ ᠰᠢᠮ᠎ᠡ ᠲᠡᠵᠢᠭᠡᠯ ᠤᠨ ᠦᠨ᠎ᠡ ᠥᠷᠲᠡᠭ ᠪᠣᠯᠤᠨ ᠬᠠᠭᠤᠷᠬᠤ ᠠᠷᠭ᠎ᠠ ᠶᠢ ᠨᠠᠷᠢᠨ ᠳᠠᠨᠢᠯᠴᠠᠭᠤᠯᠬᠤ ᠶᠢᠨ ᠬᠠᠮᠲᠤ ᠳᠡᠯᠬᠡᠴᠡ ᠶᠢᠨ ᠡᠮᠦᠨᠡᠬᠢ ᠦᠵᠡᠭᠴᠢᠳ ᠲᠠᠢ ᠬᠠᠷᠢᠯᠴᠠᠨ ᠬᠥᠳᠡᠯᠦᠯᠴᠡᠵᠦ᠂ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠳᠠᠶᠢᠯᠪᠦᠷᠢᠯᠠᠨ ᠬᠠᠷᠢᠭᠤᠯᠵᠤ᠂ ᠰᠢᠭᠤᠳ ᠨᠡᠪᠲᠡᠷᠡᠭᠦᠯᠭᠡ ᠶᠢᠨ ᠬᠥᠭᠵᠢᠶᠡᠨᠲᠡᠢ ᠠᠭᠤᠷ ᠠᠮᠢᠰᠭᠤᠯ ᠢ ᠪᠤᠢ ᠪᠣᠯᠭᠠᠵᠠᠢ᠃ ᠡᠨᠡ ᠬᠦ ᠡᠮᠡᠭᠲᠡᠶᠢᠴᠦᠳ ᠤᠨ ᠰᠢᠭᠤᠳ ᠨᠡᠪᠲᠡᠷᠡᠭᠦᠯᠭᠡ ᠶᠢᠨ ᠠᠩᠭᠢ ᠶᠢᠨ ᠨᠢᠭᠡ ᠭᠡᠰᠢᠭᠦᠨ ᠪᠣᠯ ᠶᠠᠭ ᠰᠠᠶᠢᠬᠠᠨ ᠡᠨᠡ ᠬᠦ ᠡᠮᠡᠭᠲᠡᠶᠢᠴᠦᠳ ᠤᠨ ᠰᠢᠭᠤᠳ ᠨᠡᠪᠲᠡᠷᠡᠭᠦᠯᠭᠡ ᠶᠢᠨ ᠡᠩᠨᠡᠭᠡ ᠶᠢᠨ ᠨᠢᠭᠡ ᠭᠡᠰᠢᠭᠦᠨ ᠪᠣᠯᠤᠨ᠎ᠠ᠃ ᠲᠡᠷᠡ ᠪᠣᠯ ᠪᠠᠶᠠᠨᠮᠠᠩᠬ᠎ᠠ ᠰᠤᠮᠤ ᠶᠢᠨ ᠭᠡᠭᠡᠨ ᠣᠷᠲᠦ ᠭᠠᠴᠠᠭᠠᠨ ᠤ ᠠᠷᠠᠳ ᠮᠥᠨ᠂ ᠣᠷᠣᠢ ᠪᠦᠷᠢ ᠶᠢᠨ 8 ᠴᠠᠭ ᠲᠤ ᠲᠡᠷᠡ ᠴᠠᠭ ᠲᠤ ᠪᠠᠨ ᠰᠢᠭᠤᠳ ᠨᠡᠪᠲᠡᠷᠡᠭᠦᠯᠬᠦ ᠥᠷᠥᠭᠡᠨ ᠳᠤ ᠭᠠᠷᠳᠠᠭ᠃ ᠥᠩᠭᠡᠷᠡᠭᠰᠡᠨ ᠳᠤ᠂ ᠷᠤ᠋ ᠢ ᠪᠣᠯ ᠵᠥᠪᠬᠡᠨ ᠡᠩ ᠤᠨ ᠬᠥᠳᠡᠭᠡ ᠲᠣᠰᠬᠤᠨ ᠤ ᠡᠮᠡᠭᠲᠡᠶᠢᠴᠦᠳ ᠶᠤᠮ᠂ ᠡᠳᠦᠷ ᠲᠤᠲᠤᠮ ᠭᠡᠷ ᠪᠦᠯᠢ ᠪᠠ ᠲᠠᠷᠢᠶᠠᠨ ᠭᠠᠵᠠᠷ ᠤᠨ ᠲᠣᠭᠤᠷᠢᠨ ᠳᠤ ᠶᠠᠭᠠᠷᠠᠵᠤ᠂ ︽ᠮᠢᠩᠭᠠᠨ ᠡᠯᠧᠺᠲᠷᠤᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ︾ ᠨᠢ ᠲᠡᠭᠦᠨ ᠳᠤ ᠴᠣ ᠰᠢᠨ᠎ᠡ ᠡᠭᠦᠳᠡ ᠨᠡᠭᠡᠭᠡᠵᠦ ᠥᠭᠭᠦᠭᠰᠡᠨ ᠪᠠᠶᠢᠨ᠎ᠠ᠃ ᠪᠣᠯᠪᠠᠰᠤᠷᠠᠯ ᠢᠶᠠᠷ ᠳᠠᠮᠵᠢᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠤᠷ᠎ᠠ ᠮᠡᠷᠭᠡᠵᠢᠯ ᠢ ᠡᠵᠡᠮᠰᠢᠵᠦ ᠂ ᠰᠡᠭᠦᠳᠡᠷᠯᠡᠬᠦ ᠮᠠᠰᠢᠨ ᠤ ᠰᠠᠨᠳᠤᠷᠴᠤ ᠪᠠᠶᠢᠭ᠎ᠠ ᠴᠠᠭ ᠮᠥᠴᠡ ᠠᠴᠠ ᠠᠪᠤᠭᠠᠳ ᠣᠳᠣ ᠬᠦᠷᠲᠡᠯ᠎ᠡ ᠦᠭᠡ ᠳᠠᠭᠤᠨ ᠦᠭᠡᠢ ᠶᠠᠷᠢᠯᠴᠠᠵᠤ᠂ ᠦᠵᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠭᠤᠳᠠᠰᠤ ᠪᠠᠭᠤᠯᠭᠠᠳᠠᠭ ᠪᠣᠯᠤᠭᠰᠠᠨ ᠳᠤ ᠲᠡᠷᠡ ᠮᠠᠰᠢ ᠪᠠᠶᠠᠷᠯᠠᠵᠤ ᠪᠠᠶᠢᠯ᠎ᠠ᠃    ︽ᠪᠢᠳᠡ ᠪᠦᠷ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠵᠤ︾᠂ ᠨᠢᠭᠡ ᠰᠠᠷ᠎ᠠ ᠭᠠᠷᠤᠢ ᠰᠢᠭᠤᠳ ᠨᠡᠪᠲᠡᠷᠡᠭᠦᠯᠪᠡ᠂ ᠭᠡᠷ ᠤᠨ ᠠᠵᠢᠯ ᠬᠢᠬᠦ ᠶᠢ ᠨᠥᠯᠥᠭᠡᠯᠡᠬᠦ ᠦᠭᠡᠢ ᠮᠥᠷᠲᠡᠭᠡᠨ ᠲᠠᠯᠠᠪᠤᠷ ᠪᠠ ᠲᠥᠬᠦᠭᠡᠷᠦᠮᠵᠢ ᠶᠢᠨ ᠵᠠᠷᠤᠳᠠᠯ ᠢ ᠴᠤ ᠥᠭᠬᠦ ᠦᠭᠡᠢ᠂ ᠪᠠᠰᠠ ᠭᠡᠷ ᠤᠨ ᠬᠡᠷᠡᠭᠰᠡᠯ ᠢ ᠨᠥᠬᠦᠪᠥᠷᠢᠯᠡᠨ ᠬᠡᠷᠡᠭᠯᠡᠵᠦ ᠪᠣᠯᠤᠨ᠎ᠠ᠃ ᠣᠳᠣ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠴᠤᠪᠤᠷᠠᠯ ᠤᠯᠠᠮ ᠠᠴᠠ ᠤᠯᠠᠮ ᠪᠣᠯᠪᠠᠰᠤᠷᠠᠩᠭᠤᠢ ᠪᠣᠯᠵᠣ᠂ ᠪᠢᠳᠡ ᠨᠤᠲᠤᠭ ᠤᠨ ᠰᠢᠭᠤᠳ ᠨᠡᠪᠲᠡᠷᠡᠭᠦᠯᠭᠡ ᠪᠠᠷ ᠡᠯᠧᠺᠲᠷᠤᠨ ᠬᠤᠳᠠᠯᠳᠤᠭ᠎ᠠ ᠶᠢ ᠬᠥᠭᠵᠢᠭᠦᠯᠬᠦ ᠳᠤ ᠮᠠᠰᠢ ᠢᠲᠡᠭᠡᠯ ᠲᠠᠢ ᠪᠠᠶᠢᠨ᠎ᠠ︾ ᠭᠡᠵᠤ ᠪᠠᠶᠠᠨᠮᠠᠩᠬ᠎ᠠ ᠰᠤᠮᠤ ᠶᠢᠨ ᠭᠡᠭᠡᠨ ᠣᠷᠲᠣ ᠭᠠᠴᠠᠭᠠᠨ ᠤ ᠷᠤ᠋ ᠢ ᠬᠡᠯᠡᠪᠡ᠃ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠲᠣ 7 ᠨᠡᠪᠲᠡᠷᠡᠭᠦᠯᠦᠭᠴᠢ ᠪᠠᠶᠢᠵᠤ᠂ 1 ᠬᠥᠮᠦᠨ ᠭᠠᠭᠴᠠᠭᠠᠷ ᠨᠡᠪᠲᠡᠷᠡᠭᠦᠯᠬᠦ ᠪᠠ 7 ᠬᠥᠮᠦᠨ ᠵᠡᠷᠭᠡ ᠪᠠᠷ ᠨᠡᠪᠲᠡᠷᠡᠭᠦᠯᠬᠦ ᠠᠷᠭ᠎ᠠ ᠮᠠᠶ᠋ᠢᠭ ᠢᠶᠠᠷ᠂ ᠬᠢᠩᠭᠠᠨ ᠠᠶᠢᠮᠠᠭ ᠤᠨ ᠵᠢᠢ ᠰᠢᠶᠠᠩ ᠠᠢ ᠠᠶᠢᠯ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠠᠯᠠᠪᠤᠷ ᠲᠤ ᠰᠢᠭᠤᠳ ᠨᠡᠪᠲᠡᠷᠡᠭᠦᠯᠵᠦ᠂ ᠲᠠᠯᠠᠪᠤᠷ ᠪᠠ ᠲᠥᠬᠦᠭᠡᠷᠦᠮᠵᠢ ᠶᠢᠨ ᠵᠠᠷᠤᠳᠠᠯ ᠢ ᠪᠦᠷᠢᠮᠦᠰᠦᠨ ᠰᠦᠶ᠋ᠳᠬᠡᠯ ᠦᠭᠡᠢ ᠪᠣᠯᠭᠠᠵᠤ᠂ ᠺᠣᠮᠫᠠᠨᠢ ᠠᠴᠠ ᠲᠠᠯᠠᠪᠤᠷ ᠪᠦᠷᠢ ᠶᠢᠨ ᠰᠢᠭᠤᠳ ᠨᠡᠪᠲᠡᠷᠡᠭᠦᠯᠭᠡ ᠳᠤ ᠲᠤᠰᠬᠠᠢ ᠬᠥᠮᠦᠨ ᠲᠣᠬᠢᠷᠠᠭᠤᠯᠤᠨ ᠨᠡᠪᠲᠡᠷᠡᠭᠦᠯᠵᠦ᠂ ᠰᠢᠭᠤᠳ ᠨᠡᠪᠲᠡᠷᠡᠭᠦᠯᠭᠡ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ ︽ᠮᠢᠩᠭᠠᠨ ᠡᠯᠧᠺᠳ᠋ᠷᠣᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ︾ ᠨᠢ ᠮᠠᠯᠴᠢᠨ ᠲᠠᠷᠢᠶᠠᠴᠢᠨ ᠳᠤ ᠰᠢᠨ᠎ᠡ ᠠᠵᠢᠯ ᠣᠯᠵᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠬᠠᠩᠭᠠᠭᠰᠠᠨ ᠢᠶᠠᠷ ᠪᠠᠷᠠᠬᠤ ᠦᠭᠡᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠢᠨᠲ᠋ᠧᠷ ᠰᠦᠯᠵᠢᠶ᠎ᠡ ᠶᠢ ᠠᠰᠢᠭᠯᠠᠨ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠭᠠᠷᠭᠠᠭᠰᠠᠨ ᠪᠠᠶᠢᠨ᠎ᠠ᠃    ︽ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠩᠭᠠᠨ ᠠᠶᠢᠮᠠᠭ ᠤᠨ ᠵᠢᠢ ᠰᠢᠶᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠲᠦᠰᠢᠭᠯᠡᠨ ᠲᠤᠰᠬᠠᠶᠢᠵᠢᠭᠰᠠᠨ ᠪᠣᠯᠪᠠᠰᠤᠷᠠᠯ ᠤᠨ ᠭᠠᠵᠠᠷ ᠪᠠᠶᠢᠭᠤᠯᠵᠤ᠂ ᠣᠨᠣᠯ ᠢᠶᠠᠷ ᠪᠣᠳᠠᠲᠠᠢ ᠠᠵᠢᠯᠯᠠᠬᠤ ᠠᠷᠭ᠎ᠠ ᠮᠠᠶ᠋ᠢᠭ ᠢᠶᠠᠷ ᠡᠯᠧᠺᠳ᠋ᠷᠣᠨ ᠬᠤᠳᠠᠯᠳᠤᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃ ᠣᠳᠣ ᠪᠣᠯᠲᠠᠯ᠎ᠠ᠂ ᠨᠢᠭᠡᠨᠲᠡ ᠳᠥᠷᠪᠡᠨ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠵᠦ᠂ ᠡᠭᠦᠳᠡᠨ ᠲᠠᠰ ᠤᠨ ᠨᠡᠶᠢᠲᠡ 150 ᠭᠠᠷᠤᠢ ᠰᠤᠷᠤᠭᠴᠢᠳ ᠢ ᠪᠣᠯᠪᠠᠰᠤᠷᠠᠭᠤᠯᠵᠤ᠂ ᠮᠠᠯᠴᠢᠨ ᠲᠠᠷᠢᠶᠠᠴᠢᠨ ᠢ ᠬᠠᠪᠰᠤᠷᠤᠨ ᠡᠯᠧᠺᠲᠷᠤᠨ ᠬᠤᠳᠠᠯᠳᠤᠭᠠᠨ ᠤ ᠡᠵᠡᠩᠨᠡᠯᠲᠡ ᠶᠢᠨ ᠤᠷ᠎ᠠ ᠮᠡᠷᠭᠡᠵᠢᠯ ᠢ ᠡᠵᠡᠮᠰᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠵᠢᠯ ᠣᠯᠭᠤᠯᠲᠠ ᠶᠢ ᠠᠬᠢᠭᠤᠯᠬᠤ ᠲᠠᠰᠤᠭ ᠤᠨ ᠳᠠᠷᠤᠭ᠎ᠠ ᠪᠦᠦ ᠶᠥᠩ ᠶᠢᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号