6 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ 108 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠵᠢᠴᠢ ᠲᠥᠪ ᠬᠤᠷᠢ᠊ ᠡᠶ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠠᠪᠤᠨ ᠶᠡᠭᠡ ᠡᠭᠦᠷᠭᠡ︾᠂ ᠠᠶᠤᠯᠭᠦᠢ | ᠦᠢᠯᠡᠳᠪᠦᠷᠢᠯᠡᠯ᠂ ︽ᠨᠢᠭᠡ ᠪᠠᠯᠭᠠᠰᠤ ᠵᠡᠭᠡᠯᠢ ᠭᠤᠳᠤᠮᠵᠢ ᠨᠢᠭᠡ ᠪᠣᠳᠠᠲᠤ ᠶᠠᠪᠤᠳᠠᠯ︾ ᠵᠡᠷᠭᠡ ᠬᠠᠮᠢᠶ᠎ᠠ ᠪᠦᠬᠦᠢ | ᠤᠴᠢᠷ ᠶᠠᠪᠤᠳᠠᠯ ᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤ ᠦᠵᠡᠯ ᠰᠠᠨᠠᠭ᠎ᠠ ᠪᠠ | ᠠᠵᠢᠯᠯᠠᠭᠠᠨ ᠤ ᠵᠦᠭᠯᠡᠭᠦᠷ ᠬᠠᠩᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠳᠤ | ᠬᠤᠯᠪᠣᠭᠳᠠᠬᠤ᠂ ᠠᠯᠤᠰ ᠬᠡᠳᠦ ᠶᠢ ᠨᠥᠯᠥᠭᠡᠯᠡᠬᠦ᠂ ᠳᠠᠶᠢᠴᠢᠯᠠᠬᠤ ᠴᠢᠨᠠᠷ ᠢᠶᠠᠷ ᠴᠢᠩᠭ᠎ᠠ ᠨᠢᠭᠡ ᠪᠦᠯᠦᠭ ᠲᠣᠮᠣ | ᠲᠥᠷᠥᠯ ᠵᠦᠢᠯ ᠰᠠᠶᠢᠨ ᠲᠥᠷᠥᠯ ᠵᠦᠢᠯ ᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ | ᠲᠦᠷᠭᠡᠳᠬᠡᠬᠦ ᠬᠡᠷᠡᠭᠲᠡᠢ︔ ᠲᠤᠰᠬᠠᠢ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠦᠭᠦᠳ ︽ᠲᠠᠪᠤᠨ ᠶᠡᠭᠡ | ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢᠨ ᠱᠠᠭᠠᠷᠳᠠᠯᠭ᠎ᠠ ᠶᠣᠰᠣᠭᠠᠷ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ | ᠡᠵᠡᠮᠰᠢᠵᠦ᠂ ᠨᠡᠪᠲᠡᠷᠡᠯᠴᠡᠨ ᠵᠣᠬᠢᠴᠠᠭᠤᠯᠬᠤ᠂ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ | ᠡᠭᠦᠷᠭᠡ ᠬᠠᠷᠠᠯᠲᠠ ᠶᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠠᠮᠢᠶ᠎ᠠ | ᠪᠦᠬᠦᠢ ᠮᠡᠳᠡᠭᠳᠡᠯ ᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠲᠣᠭᠲᠠᠭᠠᠯ ᠢ ᠵᠥᠷᠢᠴᠡᠨ ᠢᠳᠡᠵᠦ ᠤᠤᠭᠤᠬᠤ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠬᠤᠰᠢᠭᠤᠨ ᠤ | ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︿ᠨᠢᠭᠡ | ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ﹀ ᠢ ᠠᠬᠢᠭᠤᠯᠬᠤ ᠠᠵᠢᠯ ᠤᠨ ᠲᠣᠭᠲᠠᠴᠠ︾ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠤᠮᠤ ᠪᠠᠯᠭᠠᠰᠤ ᠪᠠᠯᠭᠠᠰᠤ ᠵᠡᠭᠡᠯᠢ ᠶᠢᠨ ᠪᠣᠳᠠᠲᠤ ᠶᠠᠪᠤᠳᠠᠯ ᠤᠨ ᠨᠢᠭᠡᠳᠦᠭᠡᠷ ᠹᠷᠣᠨᠲ ᠲᠠᠢ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠥᠷᠨᠢᠭᠦᠯᠬᠦ ᠶᠢ ᠴᠠᠭ | ᠲᠤᠬᠠᠢ ᠳᠤᠨᠢ ᠰᠢᠮᠳᠠᠭᠤᠯᠬᠤ ᠶᠢᠨ ᠬᠠᠮᠲᠤ ᠣᠷᠣᠯᠴᠠᠵᠤ᠂ ︽ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ︾ ᠤᠨ | ᠡᠮᠬᠢ ᠵᠢᠷᠤᠮ ᠲᠠᠢ ᠠᠬᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ︔ ᠣᠶᠢᠷ᠎ᠠ ᠶᠢᠨ | ᠬᠤᠭᠤᠴᠠᠭᠠᠨ ᠳᠤ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠳᠠᠯ ᠤᠨ ᠰᠤᠷᠭᠠᠮᠵᠢ ᠶᠢ ᠭᠦᠨᠵᠡᠭᠡᠢ | ᠰᠢᠩᠭᠡᠭᠡᠨ ᠠᠪᠴᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ |