ᠰᠢ ᠶᠢᠨ ᠫᠢᠩ ᠺᠣᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/6/11
   6 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠣᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ ᠤᠲᠠᠰᠤ ᠪᠠᠷ ᠶᠠᠷᠢᠯᠴᠠᠪᠠ᠃   ᠰᠢ ᠶᠢᠨ ᠫᠢᠩ ᠯᠢ ᠽᠠᠢ ᠮᠢᠩ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠺᠣᠷᠢᠶᠠ ᠪᠤᠯ ᠰᠢᠯᠵᠢᠰᠢ ᠦᠭᠡᠢ ᠬᠥᠷᠰᠢ ᠤᠯᠤᠰ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ ᠬᠤᠶᠠᠷ ᠤᠯᠤᠰ ᠢᠶᠠᠷ ᠢᠶᠠᠨ ᠦᠵᠡᠯ ᠤᠬᠠᠮᠰᠠᠷ ᠤᠨ ᠬᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ ᠂ ᠬᠠᠷᠢᠯᠴᠠᠨ ᠠᠮᠵᠢᠯᠲᠠ ᠣᠯᠬᠤ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠪᠡ᠃ ᠡᠷᠡᠭᠦᠯ ᠪᠥᠭᠡᠳ ᠲᠣᠭᠲᠠᠭᠤᠨ᠂ ᠦᠷᠭᠦᠯᠵᠢᠯᠡᠨ ᠭᠦᠨᠵᠡᠭᠡᠶᠢᠷᠡᠭᠰᠡᠨ ᠳᠤᠮᠳᠠᠳᠤ ᠺᠣᠷᠢᠶᠠ ᠶᠢᠨ ᠬᠠᠷᠢᠯᠴᠠᠭ᠎ᠠ ᠨᠢ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠵᠣᠬᠢᠴᠠᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠶᠤᠮ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠺᠣᠷᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ ᠨᠥᠬᠦᠷᠰᠡᠭ ᠪᠠᠶᠢᠬᠤ ᠴᠢᠭᠯᠡᠯ ᠢᠶᠠᠨ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠷᠠᠯᠲᠠ ᠪᠠᠨ ᠪᠠᠷᠢᠮᠲᠠᠯᠠᠵᠤ᠂ ᠳᠤᠮᠳᠠᠳᠤ ᠺᠣᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠲᠡᠶᠢᠰᠢ ᠳᠠᠪᠰᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠵᠢᠷᠭᠠᠯ ᠠᠪᠴᠢᠷᠠᠵᠤ᠂ ᠦᠢᠮᠡᠬᠡᠨ ᠲᠡᠪᠵᠢᠶᠠᠨ ᠰᠤᠯᠪᠢᠴᠠᠬᠰᠠᠨ ᠭᠠᠵᠠᠷ ᠣᠷᠣᠨ ᠪᠣᠯᠣᠨ ᠳᠡᠯᠡᠬᠡᠢ ᠶᠢᠨ ᠪᠠᠶᠢᠳᠠᠯ ᠳᠤ ᠨᠡᠩ ᠤᠯᠠᠨ ᠲᠣᠭᠲᠠᠭᠠᠯᠲᠤ ᠴᠢᠨᠠᠷ ᠢ ᠨᠡᠮᠡᠷᠢᠯᠡᠪᠡᠯ ᠵᠣᠬᠢᠨ᠎ᠠ᠃ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠤᠶ᠎ᠡ︔ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠯᠣᠨ ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠦ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠪᠣᠯᠣᠨ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠺᠣᠷᠢᠶᠠ ᠶᠢᠨ ᠨᠥᠬᠦᠷᠯᠡᠯ ᠢ ᠬᠤᠶᠠᠷ ᠤᠯᠤᠰ ᠤᠨ ᠠᠷᠠᠳ ᠲᠦᠮᠡᠨ ᠤ ᠰᠡᠳᠬᠢᠯ ᠳᠤ ᠦᠨᠳᠦᠰᠦᠯᠡᠭᠦᠯᠤᠶ᠎ᠡ︔ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠦᠨᠳᠦᠳᠬᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠺᠣᠷᠢᠶᠠ ᠶᠢᠨ ᠬᠠᠷᠢᠯᠴᠠᠭ᠎ᠠ ᠶᠢᠨ ᠢᠮᠠᠭᠲᠠ ᠵᠥᠪ ᠵᠠᠮ ᠢᠶᠠᠷ ᠤᠷᠤᠭᠰᠢ ᠬᠥᠭᠵᠢᠬᠦ ᠶᠢ ᠪᠠᠲᠤᠯᠠᠶ᠎ᠠ ᠭᠡᠵᠤ ᠴᠢᠬᠤᠯᠠᠴᠢᠯᠠᠪᠠ᠃   ᠯᠢ ᠽᠠᠢ ᠮᠢᠩ ᠡᠭᠦᠨ ᠢ ᠰᠠᠶᠢᠰᠢᠶᠠᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠺᠣᠷᠢᠶᠠ ᠳᠤᠮᠳᠠᠳᠤ ᠶᠢᠨ ᠭᠠᠵᠠᠷ ᠵᠦᠢ ᠶᠢᠨ ᠪᠠᠶᠢᠷᠢᠯᠠᠯ ᠣᠢᠢᠷᠠᠯᠴᠠᠭ᠎ᠠ᠂ ᠬᠤᠶᠠᠷ ᠲᠠᠯ᠎ᠠ ᠶᠢᠨ ᠶᠠᠪᠤᠯᠴᠠᠭ᠎ᠠ ᠥᠨᠢ ᠤᠳᠠᠭᠠᠨ ᠲᠡᠦᠬᠡ ᠲᠠᠢ᠂ ᠠᠵᠤ ᠠᠬᠤᠢ ᠠᠷᠠᠯᠵᠢᠶ᠎ᠠ᠂ ᠰᠣᠶᠣᠯ ᠤᠨ ᠬᠠᠷᠢᠯᠴᠠᠭ᠎ᠠ ᠨᠢᠭᠲᠠ ᠶᠤᠮ᠃ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠦᠭᠵᠢᠯᠳᠠ ᠶᠢᠨ ᠲᠠᠯ᠎ᠠ ᠪᠠᠷ ᠠᠭᠤᠤ ᠶᠡᠭᠡ ᠠᠮᠵᠢᠯᠲᠠ ᠪᠦᠳᠦᠮᠵᠢ ᠤᠯᠤᠬᠰᠠᠨ ᠨᠢ ᠬᠥᠮᠥᠰ ᠢ ᠪᠢᠰᠢᠷᠡᠭᠦᠯᠦᠨ᠎ᠠ᠃ ᠪᠢ ᠺᠣᠷᠢᠶᠠ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠲᠠᠯ᠎ᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠰᠠᠶᠢᠵᠢᠷᠠᠭᠤᠯᠤᠨ ᠵᠤᠵᠠᠭᠠᠳᠬᠠᠵᠤ᠂ ᠺᠣᠷᠢᠶᠠ ᠳᠤᠮᠳᠠᠳᠤ ᠶᠢᠨ ᠬᠠᠮᠲᠤᠷᠠᠯᠴᠠᠭ᠎ᠠ ᠳᠤ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 10 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号