︵2025 ᠣᠨ ᠤ 3 ᠰᠠᠷ᠎ᠠ ᠶᠢᠨ 2 ᠤᠨ ᠡᠳᠦᠷ︶ | ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ | ᠪᠠᠶᠢᠭᠤᠯᠤᠯᠲᠠ ᠶᠢ ᠨᠠᠩ ᠲᠥᠪ ᠭᠤᠤᠯᠴᠢ᠂ ᠲᠡᠩᠴᠡᠭᠦᠷᠢᠲᠡᠢ᠂ ᠲᠦᠭᠡᠮᠡᠯ ᠬᠠᠷᠠᠭᠠᠯᠵᠠᠯᠲᠤ᠂ ᠬᠦᠷᠦᠯᠴᠡᠬᠦ᠋ᠢᠴᠡ | ᠪᠤᠯᠭᠠᠬᠤ ᠶᠢᠨ ᠲᠥᠯᠥᠭᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠣᠲᠣ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠨᠡᠶᠢᠭᠡᠮ ᠤᠨ ᠪᠠᠲᠤᠯᠠᠭ᠎ᠠ ᠶᠢᠨ ᠲᠥᠪ ᠭᠤᠣᠯᠴᠢ ᠴᠢᠨᠠᠷ ᠢ ᠴᠢᠩᠭᠠᠳᠬᠠᠨ᠎ᠠ | ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠠᠬᠢ ᠨᠡᠶᠢᠭᠡᠮ ᠤᠨ ᠳᠠᠭᠠᠳᠬᠠᠯ ᠤᠨ ᠭᠤᠣᠯ ᠴᠣᠭᠴᠠ ᠶᠢᠨ ᠦᠢᠯᠡᠳᠦᠯ ᠢ | ᠴᠢᠩᠭᠠᠳᠬᠠᠵᠤ᠂ ᠠᠮᠢᠳᠤᠯᠢᠭ ᠢᠶᠠᠷ ᠠᠵᠢᠯ ᠣᠯᠬᠤ ᠬᠥᠮᠥᠰ᠂ ᠬᠥᠯᠥᠰᠦᠨ ᠲᠠᠷᠢᠶᠠᠴᠢᠨ᠂ ᠰᠢᠨ᠎ᠡ ᠠᠵᠢᠯ | ᠣᠯᠭᠤᠯᠲᠠ ᠶᠢᠨ ᠭᠡᠯᠪᠡᠷᠢ ᠶᠢᠨ ᠬᠥᠮᠥᠰ ᠤᠨ ᠨᠡᠶᠢᠭᠡᠮ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠵᠦ᠂ ᠠᠵᠢᠯ | ᠣᠯᠣᠭᠰᠠᠨ ᠭᠠᠵᠠᠷ ᠲᠤ ᠨᠡᠶᠢᠭᠡᠮ ᠤᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠪᠦᠭᠦ | ᠲᠠᠯ᠎ᠠ ᠪᠠᠷ ᠬᠦᠴᠦᠨ ᠦᠭᠡᠢ ᠪᠤᠯᠭᠠᠵᠤ᠂ ᠳᠠᠭᠠᠳᠬᠠᠯ ᠳᠤ ᠣᠷᠣᠬᠤ ᠶᠢ ᠤᠷᠮᠠᠰᠢᠭᠤᠯᠤᠨ ᠬᠢᠵᠠᠭᠠᠷᠯᠠᠬᠤ | ᠲᠣᠭᠲᠠᠴᠠ ᠶᠢ ᠪᠦᠷᠢᠨᠰᠢᠭᠦᠯᠵᠦ᠂ ᠰᠢᠯᠵᠢᠭᠦᠯᠦᠨ ᠵᠠᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ | ᠪᠠᠯᠭᠠᠰᠤᠨ ᠤ ᠠᠵᠢᠯ ᠣᠯᠣᠭᠰᠠᠳ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠠ | ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠬᠠᠷᠢᠴᠠᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ | ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠲᠠᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠦᠢᠳᠬᠡᠯ ᠲᠤᠰᠢᠶᠠᠬᠤ | ᠨᠥᠬᠦᠪᠦᠷᠢ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠂ ᠰᠦᠢᠳᠬᠡᠯ ᠲᠤᠰᠢᠶᠠᠬᠤ ᠶᠢᠨ ᠠᠮᠢᠳᠤᠯᠢᠭ ᠴᠢᠨᠠᠷ ᠢ | ᠵᠣᠬᠢᠰᠲᠠᠢ ᠨᠡᠮᠡᠭᠳᠡᠭᠦᠯᠵᠦ᠂ ᠢᠯᠡᠭᠦᠦ ᠲᠤᠰᠢᠶᠠᠪᠠᠯ ᠢᠯᠡᠭᠦᠦ ᠣᠯᠬᠤ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ | ᠬᠦᠴᠢᠷᠳᠡᠯᠲᠡᠢ ᠬᠥᠮᠥᠰ ᠵᠡᠷᠭᠡ ᠳᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠰᠦᠢᠳᠬᠡᠯ ᠲᠤᠰᠢᠶᠠᠬᠤ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠯᠤᠭ᠎ᠠ ᠬᠠᠷᠢᠯᠴᠠᠨ ᠬᠤᠯᠪᠣᠭᠳᠠᠭᠤᠯᠬᠤ ᠶᠢ ᠠᠬᠢᠭᠤᠯᠤᠨ᠂ | ᠦᠷᠭᠦᠯᠵᠢᠯᠡᠨ ᠳᠠᠭᠠᠳᠬᠠᠯ ᠳᠤ ᠣᠷᠣᠯᠴᠠᠬᠰᠠᠨ ᠪᠠ ᠲᠣᠰ ᠵᠢᠯ ᠳᠤ ᠲᠠᠩᠰᠠ ᠳᠠᠶᠢᠯᠠᠭᠰᠠᠨ ᠦᠭᠡᠢ ᠬᠥᠮᠥᠰ ᠲᠤ | ᠲᠣᠭᠲᠠᠭᠠᠯ ᠶᠣᠰᠣᠭᠠᠷ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ | ᠲᠣᠭᠠᠴᠠᠭ᠎ᠠ ᠬᠢᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠠᠯᠤᠰᠯᠠᠨ ᠵᠣᠬᠢᠴᠠᠯᠳᠤᠬᠤ ᠶᠢ ᠡᠮᠬᠢ | ᠵᠢᠷᠤᠮ ᠲᠠᠢ ᠪᠠᠷ ᠠᠬᠢᠭᠤᠯᠤᠨ᠎ᠠ᠃ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠭᠦ ᠨᠥᠬᠦᠪᠦᠷᠢ ᠭᠤᠶᠤᠴᠢᠯᠠᠨ ᠠᠪᠬᠤ | ᠡᠲᠡᠭᠡᠳ ᠢ ᠦᠷᠭᠦᠯᠵᠢᠯᠡᠨ ᠠᠭᠤᠵᠢᠭᠤ ᠲᠠᠯᠪᠢᠵᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ | ᠬᠥᠮᠥᠰ ᠲᠤ ᠣᠯᠭᠤᠨ᠎ᠠ᠃ ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠥᠲᠥᠯᠥᠨ ᠵᠢᠯᠤᠭᠤᠳᠴᠤ ᠪᠠᠶᠢᠭᠠᠳ | ᠦᠷᠡᠵᠢᠯ ᠤᠨ ᠳᠠᠭᠠᠳᠬᠠᠯ ᠤᠨ ᠦᠷᠡᠵᠢᠯ ᠤᠨ ᠨᠡᠮᠡᠭᠦᠷᠢ ᠮᠥᠩᠭᠦ ᠶᠢ ᠳᠡᠰ ᠳᠠᠷᠠᠭᠠᠯᠠᠯ ᠶᠣᠰᠣᠭᠠᠷ ᠳᠠᠭᠠᠳᠬᠠᠯ ᠳᠤ | ᠣᠷᠣᠯᠴᠠᠭᠰᠠᠳ ᠲᠤ ᠰᠢᠭᠤᠳ ᠣᠯᠭᠤᠨ᠎ᠠ᠃ ᠨᠡᠶᠢᠭᠡᠮ ᠤᠨ ᠳᠠᠭᠠᠳᠬᠠᠯ ᠬᠢᠭᠡᠳ ᠨᠡᠶᠢᠭᠡᠮ ᠤᠨ ᠲᠡᠳᠬᠦᠮᠵᠢ᠂ | ᠨᠡᠶᠢᠭᠡᠮ ᠤᠨ ᠠᠰᠠᠷᠠᠮᠵᠢ ᠶᠢᠨ ᠳᠦᠷᠢᠮ ᠢ ᠵᠣᠯᠭᠠᠭᠤᠯᠬᠤ ᠶᠢ ᠴᠢᠩᠭᠠᠳᠬᠠᠵᠤ᠂ ᠬᠦᠴᠢᠷᠳᠡᠯᠲᠡᠢ ᠬᠥᠮᠥᠰ ᠲᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠵᠤ ᠥᠭᠬᠦ | ᠲᠥᠷᠥ ᠶᠢᠨ ᠪᠣᠳᠣᠯᠭ᠎ᠠ ᠶᠢ ᠨᠠᠷᠢᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠣᠷᠣᠯᠭ᠎ᠠ ᠪᠠᠭᠠᠲᠠᠢ ᠬᠥᠮᠥᠨ | ᠠᠮᠠ ᠶᠢᠨ ᠲᠦᠭᠰᠢᠭᠦᠷᠢ ᠶᠢ ᠲᠤᠯᠬᠤ ᠴᠢᠳᠠᠪᠤᠷᠢ ᠶᠢ ᠴᠢᠩᠭᠠᠷᠠᠭᠤᠯᠤᠨ᠎ᠠ᠃ | ︵ᠬᠤᠶᠠᠷ︶ ᠣᠷᠣᠯᠭ᠎ᠠ ᠪᠠᠭᠠᠲᠠᠢ ᠬᠥᠮᠥᠰ ᠤᠨ ᠰᠠᠭᠤᠷᠢ ᠶᠢ ᠪᠠᠲᠤᠯᠠᠨ ᠬᠠᠪᠰᠤᠷᠤᠨ ᠲᠡᠳᠬᠦᠬᠦ ᠶᠢ | ᠴᠢᠩᠭᠠᠳᠬᠠᠨ᠎ᠠ᠃ ᠲᠣᠮᠣ ᠳ᠋ᠠᠶᠢᠲ᠋ᠠ ᠶᠢ ᠬᠠᠷᠭᠤᠭᠤᠯᠬᠤ ᠬᠢᠭᠡᠳ ᠪᠣᠳᠠᠲᠠᠢ ᠭᠠᠵᠠᠷ ᠲᠤᠨᠢ ᠪᠠᠶᠢᠳᠠᠯ ᠢ ᠣᠶᠢᠯᠠᠭᠠᠨ | ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ | ᠬᠥᠳᠡᠯᠦᠩᠭᠦᠢ ᠪᠠᠷ ᠬᠢᠨᠠᠨ ᠬᠡᠮᠵᠢᠵᠦ ᠰᠡᠷᠡᠮᠵᠢᠯᠡᠭᠦᠯᠭᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠣᠯᠠᠨ | ᠲᠦᠮᠡᠨ ᠢ ᠴᠠᠭ ᠲᠤᠬᠠᠢ ᠳᠤᠨᠢ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ | ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠲᠣᠭᠲᠠᠭᠠᠬᠤ ᠠᠷᠭ᠎ᠠ᠂ ᠣᠷᠣᠯᠭ᠎ᠠ ᠪᠠᠭᠠᠲᠠᠢ ᠭᠡᠷ ᠪᠦᠯᠢ ᠶᠢᠨ ᠠᠵᠤ | ᠠᠬᠤᠢ ᠶᠢᠨ ᠪᠠᠶᠢᠳᠠᠯ ᠢ ᠬᠠᠷᠭᠤᠭᠤᠯᠬᠤ ᠠᠷᠭ᠎ᠠ ᠶᠢ ᠲᠣᠭᠲᠠᠭᠠᠨ᠂ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ | ᠭᠡᠷ ᠪᠦᠯᠢ᠂ ᠵᠠᠷᠤᠭᠤᠰᠢᠲᠠᠢ ᠵᠠᠷᠤᠯᠭ᠎ᠠ ᠶᠢᠨ ᠲᠠᠯ᠎ᠠ ᠪᠠᠷ ᠬᠦᠴᠢᠷᠳᠡᠯᠲᠡᠢ ᠭᠡᠷ ᠪᠦᠯᠢ ᠶᠢ ᠬᠢᠨᠠᠨ ᠲᠣᠭᠲᠠᠭᠠᠬᠤ ᠶᠢ ᠪᠦᠭᠦ | ᠲᠠᠯ᠎ᠠ ᠪᠠᠷ ᠥᠷᠨᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ | ᠲᠣᠭᠲᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ | ᠵᠠᠷᠤᠯᠭ᠎ᠠ ᠯᠤᠭ᠎ᠠ ᠬᠤᠯᠪᠣᠭᠳᠠᠭᠤᠯᠤᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ | ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠬᠢᠭᠡᠳ ᠨᠡᠶᠢᠭᠡᠮ ᠤᠨ ᠪᠤᠰᠤᠳ | ᠠᠪᠤᠷᠠᠨ ᠲᠤᠰᠠᠯᠠᠬᠤ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠴᠢᠩᠭᠠᠳᠬᠠᠨ᠎ᠠ᠃ ᠨᠠᠭᠠᠲᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠨᠠᠭᠠᠲᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠴᠢᠳᠠᠪᠤᠷᠢᠲᠠᠨ ᠤ | ᠬᠠᠮᠤᠭ ᠤᠨ ᠳᠣᠣᠷ᠎ᠠ ᠴᠠᠯᠢᠩ ᠤᠨ ᠲᠥᠷᠥᠯ ᠬᠤᠪᠢᠶᠠᠬᠤ ᠯᠠᠪᠯᠠᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ᠃ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠨᠡᠭᠡᠭᠡᠨ ᠬᠥᠭᠵᠢᠭᠦᠯᠬᠦ ᠭᠡᠯᠪᠡᠷᠢ ᠪᠠᠷ ᠬᠠᠪᠰᠤᠷᠤᠨ | ᠲᠡᠳᠬᠦᠵᠦ ᠴᠢᠳᠠᠪᠤᠷᠢ ᠶᠢ ᠨᠢ ᠳᠡᠭᠡᠭᠰᠢᠯᠡᠭᠦᠯᠦᠨ ᠤᠷᠤᠯᠭ᠎ᠠ ᠶᠢ ᠨᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠭᠡᠷ ᠪᠦᠯᠢ ᠶᠢᠨ ᠭᠦᠳᠡᠯᠮᠦᠷᠢ ᠬᠦᠴᠦᠨ ᠤ ᠭᠦᠳᠡᠯᠮᠦᠷᠢ ᠶᠢᠨ ᠭᠡᠮᠲᠦᠯ ᠢ | ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠭᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢ ᠡᠩ ᠲᠡᠷᠢᠭᠦᠨ ᠳᠤ ᠡᠯᠰᠡᠨ | ᠲᠠᠶᠢᠴᠢᠯᠠᠵᠤ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠤᠨᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ | | ᠬᠤᠶᠠᠷ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠳᠡᠭᠡᠭᠰᠢᠯᠡᠭᠦᠯᠦᠨ᠎ᠡ | ︵ᠭᠤᠷᠪᠠ︶ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠭᠦ | ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ | ᠦᠨᠳᠦᠰᠦᠯᠡᠨ᠂ ᠭᠠᠵᠠᠷ ᠣᠷᠣᠨ ᠬᠤᠪᠢᠶᠠᠨ ᠬᠦᠷᠢᠶ᠎ᠡ ᠴᠠᠷᠠᠭ᠎ᠠ ᠬᠤᠪᠢᠶᠠᠭᠰᠠᠨ ᠦᠨᠳᠦᠰᠦᠨ ᠦᠢᠯᠡᠴᠢᠯᠡᠭᠡᠨ ᠤ | ᠲᠥᠷᠥᠯ ᠵᠦᠢᠯ ᠤᠨ ᠨᠠᠷᠢᠨ ᠳᠠᠩᠰᠠ᠂ ᠦᠨᠳᠦᠰᠦᠨ ᠶᠠᠰᠤ ᠴᠢᠨᠠᠷ ᠤᠨ ᠪᠠᠷᠢᠮᠵᠢᠶ᠎ᠠ᠂ ᠲᠡᠩᠴᠡᠭᠦᠷᠢᠲᠡᠢ ᠦᠨᠡᠯᠡᠨ | ᠵᠢᠱᠢᠬᠦ ᠠᠷᠭ᠎ᠠ ᠶᠢ ᠨᠠᠷᠢᠯᠢᠭᠵᠢᠭᠤᠯᠤᠨ ᠲᠣᠭᠲᠠᠭᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ | ᠪᠣᠯᠣᠨ ᠡᠳ᠋ ᠤᠨ ᠵᠠᠰᠠᠭ ᠤᠨ ᠳᠠᠭᠠᠭᠠᠵᠤ ᠳᠡᠶᠢᠯᠭᠦ ᠴᠢᠳᠠᠪᠤᠷᠢ ᠶᠢ ᠦᠨᠳᠦᠰᠦᠯᠡᠨ᠂ ᠣᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠡᠮᠡᠭᠳᠡᠯ ᠦᠢᠯᠡᠴᠢᠯᠡᠭᠡᠨ ᠤ ᠵᠦᠢᠯᠡᠰ ᠢ ᠴᠠᠭ ᠲᠤᠨᠢ ᠲᠣᠬᠢᠷᠠᠭᠤᠯᠤᠨ | ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠳᠤ ᠣᠷᠣᠭᠤᠯᠤᠨ᠎ᠠ᠃ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠢᠭᠡᠳ ᠬᠥᠮᠥᠨ ᠠᠮᠠ ᠶᠢᠨ ᠬᠤᠪᠢᠷᠠᠯᠲᠠ ᠶᠢ ᠬᠠᠷᠢᠯᠴᠠᠨ | ᠵᠣᠬᠢᠴᠠᠭᠤᠯᠬᠤ ᠶᠢ ᠠᠬᠢᠭᠤᠯᠵᠤ᠂ ᠦᠢᠯᠡᠴᠢᠯᠡᠭᠡᠨ ᠤ ᠪᠦᠷᠬᠦᠴᠡ ᠨᠢ ᠵᠦᠢ ᠵᠣᠬᠢᠰᠲᠠᠢ᠂ ᠬᠡᠪᠴᠢᠶ᠎ᠡ ᠨᠢ | ᠲᠣᠬᠢᠷᠠᠮᠵᠢᠲᠠᠢ᠂ ᠴᠢᠳᠠᠮᠵᠢ ᠨᠢ ᠲᠣᠬᠢᠷᠠᠮᠵᠢᠲᠠᠢ᠂ ᠪᠠᠲᠤᠯᠠᠭ᠎ᠠ ᠨᠢ ᠬᠦᠴᠦᠲᠡᠢ ᠪᠠᠶᠢᠬᠤ ᠱᠠᠭᠠᠷᠳᠠᠯᠭ᠎ᠠ ᠶᠣᠰᠣᠭᠠᠷ | ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ | ᠰᠢᠯᠢᠳᠡᠭᠵᠢᠭᠦᠯᠦᠨ᠎ᠡ᠃ ᠡᠯ᠎ᠡ ᠭᠠᠵᠠᠷ ᠤᠨ ᠬᠢᠨ ᠤ ᠦᠯᠡᠳᠡᠭᠡᠯ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ | ᠳᠡᠮᠵᠢᠨ᠎ᠡ᠃ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠤᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ | ᠲᠣᠬᠢᠷᠠᠭᠤᠯᠤᠯᠲᠠ᠂ ᠴᠢᠳᠠᠪᠤᠷᠢᠲᠠᠨ ᠤ ᠲᠣᠬᠢᠷᠠᠭᠤᠯᠤᠯᠲᠠ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ | ᠪᠦᠭᠦ ᠲᠠᠯ᠎ᠠ ᠪᠠᠷ ᠠᠬᠢᠭᠤᠯᠤᠨ᠎ᠠ᠃ ᠨᠥᠬᠦᠴᠡᠯ ᠮᠠᠭᠤᠲᠠᠢ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠳᠤ | ᠬᠠᠨᠳᠤᠭᠤᠯᠤᠨ ᠠᠮᠢᠳᠤᠯᠢᠭ ᠭᠡᠯᠪᠡᠷᠢ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠲᠡᠮᠵᠢᠨ᠎ᠠ | ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ | ᠨᠥᠬᠦᠴᠡᠯ ᠳᠤ ᠨᠡᠶᠢᠴᠡᠬᠦ ᠰᠢᠨ᠎ᠡ ᠪᠠᠷ ᠨᠡᠮᠡᠭᠳᠡᠭᠰᠡᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠤᠷᠢᠳ ᠢᠶᠠᠷ ᠬᠠᠩᠭᠠᠨ᠎ᠠ᠃ | ᠲᠣᠭᠠᠴᠢᠯᠠᠭᠰᠠᠨ ᠣᠶᠤᠨᠴᠢ ᠮᠡᠷᠭᠡᠵᠢᠯ ᠬᠢᠭᠡᠳ ᠣᠯᠠᠨ ᠨᠡᠶᠢᠲᠡ ᠶᠢᠨ ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠷᠢᠯᠴᠠᠨ ᠨᠠᠪᠲᠠᠷᠡᠭᠦᠯᠵᠦ ᠬᠠᠮᠲᠤ ᠪᠠᠷ ᠡᠳ᠋ᠯᠡᠬᠦ ᠶᠢ ᠲᠦᠷᠭᠡᠳᠬᠡᠨ᠂ | ᠣᠷᠤᠭ ᠳᠠᠩᠰᠠᠯᠠᠭᠤᠯᠬᠤ ᠵᠡᠷᠭᠡ ᠪᠠᠶᠢᠩᠭᠤ ᠬᠡᠷᠡᠭᠯᠡᠭᠳᠡᠬᠦ ᠦᠢᠯᠡᠴᠢᠯᠡᠭᠡᠨ ᠤ ᠵᠦᠢᠯᠡᠰ ᠤᠨ ᠡᠷᠦᠭᠡ ᠠᠮᠠ ᠶᠢᠨ ᠲᠠᠩᠰᠠ | ᠪᠠᠶᠢᠭ᠎ᠠ ᠭᠠᠵᠠᠷ ᠤᠨ ᠬᠢᠵᠠᠭᠠᠷᠯᠠᠯ ᠢ ᠬᠦᠴᠦᠨ ᠦᠭᠡᠢ ᠪᠤᠯᠭᠠᠵᠤ ᠪᠦᠭᠦ ᠤᠯᠤᠰ ᠲᠤ ᠨᠡᠶᠢᠳᠡᠮ ᠭᠦᠢᠴᠡᠳᠬᠡᠬᠦ ᠶᠢ | ᠠᠬᠢᠭᠤᠯᠵᠤ᠂ ᠴᠢᠨᠠᠷ ᠰᠠᠶᠢᠲᠠᠢ ᠲᠣᠭᠠᠴᠢᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ︵ᠳᠥᠷᠪᠡ︶ ᠪᠠᠶᠢᠩᠭᠤ ᠰᠠᠭᠤᠭ᠎ᠠ ᠭᠠᠵᠠᠷ ᠠᠴᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠶᠢ ᠬᠡᠷᠡᠭᠵᠢᠭᠦᠯᠦᠨ᠎ᠡ᠃ ᠪᠠᠶᠢᠩᠭᠤ ᠰᠠᠭᠤᠭ᠎ᠠ ᠭᠠᠵᠠᠷ ᠲᠤ ᠰᠢᠭᠤᠳ ᠬᠠᠩᠭᠠᠬᠤ᠂ ᠣᠷᠣᠨ ᠪᠦᠰᠡ | ᠠᠯᠤᠰᠯᠠᠨ ᠬᠠᠮᠵᠢᠯᠴᠠᠨ ᠭᠠᠷᠲᠠᠨ ᠭᠦᠢᠴᠡᠳᠬᠡᠬᠦ᠂ ᠰᠢᠯᠵᠢᠭᠦᠯᠦᠨ ᠵᠠᠯᠭᠠᠭᠤᠯᠬᠤ ᠵᠡᠷᠭᠡ ᠠᠷᠭ᠎ᠠ ᠮᠠᠶ᠋ᠢᠭ ᠢ | ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠠᠶᠢᠩᠭᠤ | ᠰᠠᠭᠤᠭ᠎ᠠ ᠭᠠᠵᠠᠷ ᠠᠴᠠ ᠬᠠᠩᠭᠠᠬᠤ ᠪᠠᠷ ᠲᠣᠬᠢᠷᠠᠭᠤᠯᠤᠨ᠎ᠠ᠃ ᠬᠥᠮᠥᠨ ᠠᠮᠠ ᠲᠥᠪᠯᠡᠷᠡᠨ ᠣᠷᠣᠬᠤ ᠬᠤᠲᠠ ᠶᠢᠨ ︽ | ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢ ᠠᠬᠢᠭᠤᠯᠤᠨ ᠪᠠᠶᠢᠩᠭᠤ ᠰᠠᠭᠤᠭ᠎ᠠ ᠭᠠᠵᠠᠷ ᠲᠤ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ | ᠨᠥᠬᠦᠴᠡᠯ ᠳᠤ ᠨᠡᠶᠢᠴᠡᠬᠦ ᠬᠥᠳᠡᠭᠡ ᠠᠴᠠ ᠰᠢᠯᠵᠢᠭᠰᠡᠳ ᠤᠨ ᠨᠡᠭᠦᠵᠦ ᠣᠷᠣᠬᠤ ᠭᠠᠵᠠᠷ ᠤᠨ ᠡᠷᠦᠭᠡ ᠠᠮᠠ ᠶᠢᠨ | ᠬᠠᠷᠢᠶ᠎ᠠ ᠲᠠᠢ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠤᠨ᠎ᠠ᠃ ᠠᠮᠢᠳᠤᠯᠢᠭ ᠢᠶᠠᠷ ᠠᠵᠢᠯ | ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠣᠷᠤᠯᠴᠠᠬᠤ ᠳᠦᠷᠢᠮ ᠢ | ᠯᠠᠪᠳᠠᠭᠤᠨ ᠢᠶᠠᠷ ᠠᠬᠢᠭᠤᠯᠤᠨ᠎ᠠ᠃ ᠡᠯ᠎ᠡ ᠭᠠᠵᠠᠷ ᠤᠨ ᠬᠢᠨ ᠤ ᠪᠡᠯᠡ ᠮᠥᠩᠭᠦ ᠶᠢᠨ ᠠᠷᠭ᠎ᠠ ᠵᠠᠮ ᠢᠶᠠᠨ ᠨᠢᠭᠡᠳᠦᠯᠲᠡᠢ | ᠲᠥᠯᠥᠪᠵᠢᠭᠦᠯᠬᠦ ᠶᠢ ᠳᠡᠮᠵᠢᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ | ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠤᠷᠲᠤ ᠬᠤᠭᠤᠴᠠᠭᠠᠨ ᠤ ᠲᠦᠷᠢᠶᠡᠰᠦᠨ ᠣᠷᠣᠨ | ᠰᠠᠭᠤᠴᠠ ᠶᠢ ᠡᠵᠡᠩᠨᠡᠭᠦᠯᠦᠨ᠎ᠡ᠃ | ᠭᠤᠷᠪᠠ᠂ ᠰᠠᠭᠤᠷᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ ᠢ | ᠥᠷᠭᠡᠳᠬᠡᠨ᠎ᠡ | ︵ᠲᠠᠪᠤ︶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠢᠯᠢᠳᠡᠭ ᠢ ᠥᠷᠭᠡᠳᠬᠡᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠭᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠠᠯᠳᠠ ᠬᠦᠴᠦᠨ ᠢ ᠠᠭᠤᠳᠠᠯᠤᠨ | ᠪᠠᠭᠲᠠᠭᠠᠮᠵᠢ ᠶᠢ ᠥᠷᠭᠡᠳᠬᠡᠬᠦ ᠪᠠᠷ ᠳᠠᠮᠵᠢᠭᠤᠯᠤᠨ ᠤᠳᠤ ᠪᠠᠶᠢᠭ᠎ᠠ ᠴᠢᠨᠠᠷ ᠰᠠᠶᠢᠲᠠᠢ ᠳᠤᠮᠳᠠᠳᠤ ᠪᠠᠭ᠎ᠠ ᠰᠤᠷᠭᠠᠭᠤᠯᠢ᠂ | ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠪᠠᠷ ᠪᠠᠭᠤᠷᠠᠢ ᠰᠤᠷᠭᠠᠭᠤᠯᠢ ᠶᠢ ᠴᠢᠨᠠᠷ ᠰᠠᠶᠢᠲᠠᠢ | ᠰᠤᠷᠭᠠᠭᠤᠯᠢ ᠶᠢᠨ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠪᠤᠶᠤ ᠨᠠᠶᠢᠳᠠᠨ ᠬᠠᠮᠢᠶᠠᠷᠤᠭᠤᠯᠵᠤ ᠬᠠᠪᠰᠤᠷᠤᠨ | ᠲᠡᠳᠬᠦᠬᠦ ᠬᠡᠪᠴᠢᠶᠡᠨ ᠳᠤ ᠣᠷᠣᠭᠤᠯᠤᠨ᠎ᠠ᠃ 5 ᠵᠢᠯ ᠣᠷᠴᠢᠮ ᠤᠨ ᠬᠤᠭᠤᠴᠠᠭ᠎ᠠ ᠬᠡᠷᠡᠭᠯᠡᠵᠦ ᠪᠠᠶᠢᠭᠠᠳ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠷᠢᠨ | ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 1000 ᠭᠠᠷᠤᠢ ᠰᠢᠯᠢᠳᠡᠭ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ | ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ | ᠦᠨᠳᠦᠰᠦᠨ ᠨᠥᠬᠦᠴᠡᠯ ᠢ ᠭᠤᠣᠯᠳᠠᠯᠭ᠎ᠠ ᠲᠠᠢ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠣᠷᠣᠬᠴᠢ ᠡᠯᠰᠡᠬᠦ ᠭᠦᠢᠴᠡᠳᠬᠡᠯ ᠲᠤᠭ᠎ᠠ ᠰᠤᠷᠭᠠᠭᠤᠯᠢ ᠳᠤ ᠬᠦᠷᠬᠦ ᠬᠠᠷᠢᠴᠠᠯ ᠢ | ᠲᠦᠷᠭᠡᠳᠬᠡᠨ ᠥᠷᠭᠡᠳᠬᠡᠵᠦ᠂ ᠭᠤᠣᠯᠳᠠᠭᠤ ᠰᠣᠷᠣᠬᠴᠢ ᠶᠢᠨ ᠬᠡᠪᠴᠢᠶ᠎ᠡ ᠶᠢ ᠦᠨᠳᠦᠰᠦᠯᠡᠨ ᠣᠷᠣᠨ ᠪᠦᠰᠡ ᠶᠢᠨ | ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠷᠢᠯᠠᠬᠤ ᠶᠢᠨ ᠬᠠᠮᠲᠤ ᠬᠥᠳᠡᠭᠡ ᠲᠣᠰᠬᠤᠨ ᠤ | ᠰᠤᠷᠭᠠᠭᠤᠯᠢ ᠵᠡᠷᠭᠡ ᠲᠡᠶᠢᠰᠢ ᠬᠡᠯᠪᠠᠶᠢᠯᠭᠡᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠰᠢᠨ᠎ᠡ ᠪᠠᠷ ᠨᠡᠮᠡᠭᠳᠡᠬᠦ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠡᠬᠢ ᠪᠠᠶᠠᠯᠢᠭ ᠢ ᠳᠤᠮᠳᠠ ᠪᠠᠷᠠᠭᠤᠨ ᠣᠷᠣᠨ ᠤ ᠬᠥᠮᠥᠨ ᠠᠮᠠ ᠣᠯᠠᠨᠲᠠᠢ ᠮᠤᠵᠢ ᠲᠡᠶᠢᠰᠢ | ᠵᠣᠬᠢᠰᠲᠠᠢ ᠪᠠᠷ ᠬᠡᠯᠪᠠᠶᠢᠯᠭᠡᠨ᠎ᠡ᠃ ᠰᠢᠨ᠎ᠡ ᠭᠡᠯᠪᠡᠷᠢ ᠶᠢᠨ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠪᠠ | ᠥᠨᠳᠥᠷ ᠲᠦᠪᠰᠢᠨ ᠪᠦᠬᠦᠢ ᠳᠤᠮᠳᠠᠳᠤ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠭᠦ ᠶᠢ ᠳᠡᠮᠵᠢᠨ | ᠪᠠᠶᠢᠷᠢᠰᠢᠭᠤᠯᠵᠤ᠂ ᠴᠢᠨᠠᠷ ᠰᠠᠶᠢᠲᠠᠢ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠬᠴᠢ ᠡᠯᠰᠡᠬᠦ | ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠵᠤ ᠦᠢᠯᠡᠰ ᠬᠢᠭᠡᠳ ᠰᠤᠷᠭᠠᠨ ᠬᠥᠮᠦᠵᠢᠯ ᠢ | ᠠᠭᠤᠰᠤᠯᠴᠠᠭᠤᠯᠬᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢ | ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠨᠳᠤᠭᠤᠯᠤᠨ ᠬᠢᠴᠢᠶᠡᠯ | ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯ ᠲᠥᠷᠥᠯ ᠤᠨ ᠠᠵᠤ ᠠᠬᠤᠶᠢᠯᠠᠯ ᠤᠨ ᠦᠢᠯᠡᠳᠦᠯᠭᠡ ᠪᠠᠷ ᠬᠥᠮᠥᠵᠢᠭᠦᠯᠬᠦ ᠶᠢ | ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠤᠨ ᠪᠠᠴᠢᠮ ᠬᠡᠷᠡᠭᠰᠡᠬᠦ ︽ᠪᠢᠴᠢᠯ ᠲᠤᠰᠬᠠᠢ ᠮᠡᠷᠭᠡᠵᠢᠯ | ︾ ᠤᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ ᠰᠤᠷᠤᠬᠴᠢᠳ ᠤᠨ ᠠᠵᠢᠯ ᠣᠯᠵᠤ ᠦᠢᠯᠡᠰ ᠪᠣᠰᠬᠠᠬᠤ | ᠴᠢᠳᠠᠪᠤᠷᠢ ᠶᠢ ᠴᠢᠩᠭᠠᠷᠠᠭᠤᠯᠤᠨ᠎ᠠ᠃ | ︵ᠵᠢᠷᠭᠤᠭ᠎ᠠ︶ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ | ᠪᠠᠭᠤᠯᠭᠠᠬᠤ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠠᠶᠢᠭᠤᠯᠤᠯᠲᠠ ᠶᠢᠨ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ | ᠲᠣᠭᠲᠠᠴᠠ ᠶᠢ ᠰᠢᠯᠢᠳᠡᠭᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠡᠮᠴᠢᠯᠡᠭᠡᠨ ᠤ ᠡᠬᠢ ᠪᠠᠶᠠᠯᠢᠭ ᠢ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶ᠎ᠠ ᠪᠣᠯᠣᠨ ᠬᠤᠳᠠ ᠬᠥᠳᠡᠭᠡ ᠶᠢᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠨᠢᠭᠲᠠ | ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦᠨ ᠢ | ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠥᠨᠳᠥᠷ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠶᠢᠨ | ᠠᠵᠢᠯᠲᠠᠨ᠂ ᠦᠢᠯᠡᠴᠢᠯᠡᠭᠡ᠂ ᠮᠡᠷᠭᠡᠵᠢᠯ᠂ ᠬᠠᠮᠢᠶᠠᠷᠤᠯᠲᠠ ᠵᠡᠷᠭᠡ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠪᠠᠭᠤᠯᠭᠠᠬᠤ ᠶᠢ ᠳᠡᠮᠵᠢᠵᠦ᠂ ᠬᠤᠲᠠ ᠶᠢᠨ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠠᠨᠠᠭᠠᠬᠤ ᠤᠬᠠᠭᠠᠨ ᠤ | ᠴᠢᠳᠠᠪᠤᠷᠢᠲᠠᠨ ᠢ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ᠪᠠᠭᠤᠯᠭᠠᠬᠤ ᠶᠢ ᠳᠡᠮᠵᠢᠵᠦ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠤᠲᠠᠭᠤᠳᠠᠯ ᠤᠨ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠦᠨᠳᠦᠰᠦᠨ ᠱᠠᠲᠤᠨ ᠤ ᠣᠨᠴᠠᠯᠢᠭᠲᠤ ᠲᠤᠰᠬᠠᠢ ᠰᠠᠯᠠᠭ᠎ᠠ ᠶᠢ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠶᠢᠲᠤᠷ ᠪᠤᠶᠢᠵᠢᠭᠤᠯᠵᠤ᠂ ᠪᠠᠶᠢᠩᠭᠤ | ᠲᠣᠬᠢᠶᠠᠯᠳᠤᠳᠠᠭ ᠡᠪᠡᠳᠴᠢᠨ ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ ᠲᠦᠪᠰᠢᠨ ᠢ ᠳᠡᠭᠡᠭᠰᠢᠯᠡᠭᠦᠯᠦᠨ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠠᠨ | ᠳᠡᠭᠡᠭᠰᠢᠯᠡᠭᠦᠯᠭᠦ ᠶᠢ ᠠᠬᠢᠭᠤᠯᠤᠨ᠎ᠠ᠃ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢᠨ ᠲᠣᠣᠷ ᠰᠦᠯᠵᠢᠶ᠎ᠡ | ᠪᠠᠶᠢᠭᠤᠯᠬᠤ ᠶᠢ ᠠᠬᠢᠭᠤᠯᠵᠤ᠂ ︽ᠲᠠᠷᠬᠠᠮᠠᠯ ᠮᠠᠶ᠋ᠢᠭ ᠤᠨ ᠪᠠᠶᠢᠴᠠᠭᠠᠯᠲᠠ᠂ ᠲᠥᠪᠯᠡᠷᠡᠩᠭᠦᠢ ᠮᠠᠶ᠋ᠢᠭ ᠤᠨ ᠣᠨᠣᠰᠢᠯᠠᠯᠲᠠ | ︾ ᠡᠮᠴᠢᠯᠡᠭᠡᠨ ᠤ ᠦᠢᠯᠡᠴᠢᠯᠡᠭᠡ ᠶᠢᠨ ᠵᠠᠭᠪᠤᠷ ᠢ ᠳᠡᠯᠭᠡᠷᠡᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠤᠨ ᠰᠢᠨ᠎ᠡ ᠶᠢ ᠡᠭᠦᠳᠦᠭᠰᠡᠨ ᠡᠮ ᠤᠨ ᠵᠦᠢᠯ ᠤᠨ ᠭᠠᠷᠴᠠᠭ ᠢ ᠲᠣᠭᠲᠠᠭᠠᠨ | ᠨᠡᠶᠢᠲᠡᠯᠡᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ ᠡᠮ ᠬᠡᠷᠡᠭᠯᠡᠬᠦ ᠪᠠᠲᠤᠯᠠᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃ | ︵ᠳᠣᠯᠤᠭ᠎ᠠ︶ ︽ᠥᠲᠡᠭᠦᠰ ᠨᠢᠯᠬᠠᠰ︾ ᠤᠨ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠶᠢ ᠶᠡᠭᠡ ᠪᠠᠷ | ᠬᠥᠭᠵᠢᠭᠦᠯᠦᠨ᠎ᠡ᠃ ᠡᠯ᠎ᠡ ᠭᠠᠵᠠᠷ ᠤᠨ ︽ᠥᠲᠡᠭᠦᠰ ᠨᠢᠯᠬᠠᠰ︾ ᠤᠨ ᠦᠢᠯᠡᠴᠢᠯᠡᠭᠡ ᠶᠢᠨ ᠳᠣᠣᠷ᠎ᠠ ᠥᠪᠡᠷ ᠤᠨ | ᠥᠷᠲᠡᠭ ᠪᠦᠬᠦᠢ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ | ᠥᠷᠭᠡᠳᠬᠡᠬᠦ ᠶᠢ ᠠᠬᠢᠭᠤᠯᠤᠨ᠎ᠠ᠃ ︽ᠥᠲᠡᠭᠦᠰ ᠨᠢᠯᠬᠠᠰ︾ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ | ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠨᠢ ᠳᠠᠭᠠᠭᠠᠵᠤ ᠳᠡᠶᠢᠯᠭᠦ᠂ ᠠᠵᠢᠯᠯᠠᠭᠠᠨ ᠨᠢ ᠦᠷᠭᠦᠯᠵᠢᠯᠡᠵᠦ ᠳᠡᠶᠢᠯᠭᠦ | ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠲᠦᠭᠡᠮᠡᠯ ᠬᠠᠷᠠᠭᠠᠯᠵᠠᠯᠲᠤ ᠨᠠᠰᠤᠵᠢᠯ ᠤᠨ | ᠠᠰᠠᠷᠠᠮᠵᠢ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠨ᠎ᠡ ᠬᠠᠩᠰᠢ ᠶᠢᠨ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠦᠢᠯᠡᠴᠢᠯᠡᠭᠡᠨ ᠤ ᠰᠦᠢᠳᠬᠡᠯ ᠬᠤᠷᠢᠶᠠᠯᠲᠠ ᠶᠢ | ᠬᠥᠲᠥᠯᠥᠨ ᠵᠢᠯᠤᠭᠤᠳᠬᠤ ᠪᠠᠨ ᠴᠢᠩᠭᠠᠳᠬᠠᠨ᠎ᠠ᠃ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠶᠢᠴᠤᠳ ᠢ | ᠬᠠᠷᠠᠭᠠᠯᠵᠠᠨ ᠠᠰᠠᠷᠠᠬᠤ ᠪᠠᠷ ᠭᠤᠣᠯᠳᠠᠯᠭ᠎ᠠ ᠪᠤᠯᠭᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠨᠡᠬᠦ | ᠪᠠ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠰᠤᠪᠢᠯᠠᠯᠲᠠ ᠶᠢᠨ | ᠭᠡᠯᠪᠡᠷᠢ ᠶᠢᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠤᠭᠰᠠᠨ ᠨᠠᠰᠤᠵᠢᠯ ᠤᠨ | ᠪᠠᠶᠢᠭᠤᠯᠤᠮᠵᠢ ᠶᠢᠨ ᠰᠤᠪᠢᠯᠠᠯᠲᠠ ᠶᠢᠨ ᠭᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ | 80% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠦᠢᠯᠡᠴᠢᠯᠡᠭᠡᠨ ᠤ | ᠨᠡᠮᠡᠭᠳᠡᠯ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠠᠶᠢᠯᠭᠡᠬᠦ ᠶᠢ ᠳᠡᠮᠵᠢᠵᠦ᠂ ᠡᠳᠦᠷ ᠲᠤᠲᠤᠮ ᠤᠨ | ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ | ᠂ ᠭᠡᠷ ᠪᠦᠯᠢ ᠶᠢᠨ ᠨᠠᠰᠤᠵᠢᠯ ᠤᠨ ᠣᠷᠣ ᠶᠢ ᠢᠳᠡᠪᠬᠢᠲᠡᠢ ᠬᠥᠭᠵᠢᠭᠦᠯᠵᠦ᠂ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ | ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠢ ᠢᠳᠡᠪᠬᠢᠲᠡᠢ ᠬᠥᠭᠵᠢᠭᠦᠯᠵᠦ᠂ | ᠨᠥᠬᠦᠴᠡᠯ ᠲᠠᠢ ᠰᠢᠶᠠᠩ ᠪᠠᠯᠭᠠᠰᠤ ᠶᠢᠨ ᠨᠠᠰᠤᠲᠠᠨ ᠠᠰᠠᠷᠠᠬᠤ ᠬᠦᠷᠢᠶᠡᠯᠡᠩ ᠢ ᠬᠥᠲᠥᠯᠥᠨ ᠵᠢᠯᠤᠭᠤᠳᠴᠤ ᠪᠠᠶᠢᠭᠠᠳ | ᠨᠡᠶᠢᠭᠡᠮ ᠳᠤ ᠦᠢᠯᠡᠴᠢᠯᠡᠭᠡ ᠬᠠᠩᠭᠠᠯᠭᠠᠵᠤ᠂ ᠥᠨᠥᠴᠢᠨ ᠪᠡᠯᠪᠡᠰᠦᠨ᠂ ᠵᠡᠮᠳᠡᠭ ᠪᠣᠯᠵᠤ ᠴᠢᠳᠠᠪᠤᠷᠢ ᠪᠠᠨ ᠠᠯᠳᠠᠭᠰᠠᠨ᠂ | ᠥᠨᠳᠥᠷ ᠨᠠᠰᠤᠲᠠᠢ ᠭᠡᠷ ᠲᠡᠭᠡᠨ ᠬᠤᠴᠣᠷᠤᠭᠰᠠᠨ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠭᠡᠷ ᠪᠦᠯᠢ ᠶᠢᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ | ᠬᠠᠩᠭᠠᠯᠭᠠᠨ᠎ᠠ᠃ ᠣᠯᠠᠨ ᠠᠷᠭ᠎ᠠ ᠵᠠᠮ ᠢᠶᠠᠷ ᠠᠯᠪᠠᠨ ᠠᠴᠠ ᠪᠠᠶᠢᠭᠤᠯᠬᠤ ᠬᠡᠦᠬᠡᠳ ᠰᠠᠭᠠᠲᠠᠭᠤᠯᠬᠤ ᠭᠠᠵᠠᠷ ᠤᠨ | ᠬᠠᠩᠭᠠᠯᠭ᠎ᠠ ᠶᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠬᠡᠦᠬᠡᠳ ᠰᠠᠭᠠᠲᠠᠭᠤᠯᠬᠤ | ᠭᠠᠵᠠᠷ ᠪᠠ ᠭᠡᠷ ᠪᠦᠯᠢ ᠶᠢᠨ ᠬᠡᠦᠬᠡᠳ ᠰᠠᠭᠠᠲᠠᠭᠤᠯᠬᠤ ᠭᠠᠵᠠᠷ ᠢ ᠶᠡᠭᠡ ᠪᠠᠷ ᠬᠥᠭᠵᠢᠭᠦᠯᠵᠦ᠂ ᠨᠥᠬᠦᠴᠡᠯ ᠲᠠᠢ | ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠤᠷᠲᠤᠳᠬᠠᠨ ᠬᠥᠭᠵᠢᠭᠦᠯᠬᠦ ᠶᠢ ᠳᠡᠮᠵᠢᠵᠦ | ᠂ 10 ᠵᠢᠯ ᠣᠷᠴᠢᠮ ᠤᠨ ᠴᠠᠭ ᠬᠡᠷᠡᠭᠯᠡᠵᠦ᠂ ᠨᠥᠬᠦᠴᠡᠯ ᠲᠠᠢ ᠲᠣᠮᠣ ᠬᠤᠲᠠ ᠶᠢᠨ ᠰᠢᠭᠢᠳᠭᠡᠯᠳᠦ ᠮᠠᠶ᠋ᠢᠭ ᠵᠡᠷᠭᠡ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ 80% ᠠᠴᠠ ᠳᠡᠭᠡᠭᠰᠢᠬᠢ ᠨᠡᠶᠢᠭᠡᠮ | ᠲᠣᠭᠤᠷᠢᠭ ᠢ ᠬᠠᠮᠤᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯᠲᠤ | ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ ᠤ ᠠᠰᠠᠷᠠᠮᠵᠢ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠬᠤᠯᠪᠣᠭᠳᠠᠯ ᠪᠦᠬᠦᠢ ᠵᠠᠷᠤᠯᠭ᠎ᠠ ᠶᠢ | ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠠᠴᠠ ᠭᠠᠷᠭᠠᠨ᠂ ᠬᠥᠮᠥᠨ ᠬᠡᠷᠡᠭᠯᠡᠬᠦ | ᠨᠢᠭᠡᠴᠢ ᠶᠢᠨ ᠠᠵᠢᠯᠴᠢᠨ ᠤ ᠡᠪᠯᠡᠯ ᠤᠨ ᠵᠠᠷᠤᠳᠠᠯ ᠠᠴᠠ ᠵᠣᠬᠢᠰᠲᠠᠢ ᠨᠥᠬᠦᠪᠦᠷᠢᠯᠡᠵᠦ ᠪᠣᠯᠣᠨ᠎ᠠ᠃ | ᠳᠥᠷᠪᠡ᠂ ᠣᠯᠠᠨ ᠶᠠᠩᠵᠤᠴᠢᠯᠠᠭᠰᠠᠨ ᠨᠡᠶᠢᠭᠡᠮ ᠤᠨ ᠦᠢᠯᠡᠴᠢᠯᠡᠭᠡᠨ ᠤ ᠬᠦᠷᠦᠯᠴᠡᠬᠦ ᠴᠢᠨᠠᠷ ᠢ ᠳᠡᠭᠡᠭᠰᠢᠯᠡᠭᠦᠯᠦᠨ᠎ᠡ | ︵ᠨᠠᠢᠮᠠ︶ ᠣᠯᠠᠨ ᠲᠦᠮᠡᠨ ᠤ ᠭᠡᠷ ᠤᠨ ᠡᠭᠦᠳᠡᠨ ᠳᠠᠬᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ | ᠬᠥᠭᠵᠢᠭᠦᠯᠦᠨ᠎ᠡ᠃ ᠨᠡᠶᠢᠭᠡᠮ ᠲᠣᠭᠤᠷᠢᠭ ᠢᠶᠠᠷ ᠭᠤᠣᠯ ᠲᠠᠯᠠᠪᠤᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠡᠯ᠎ᠡ | ᠲᠥᠷᠥᠯ ᠤᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ | ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠨᠡᠶᠢᠯᠡᠭᠦᠯᠦᠨ ᠠᠰᠢᠭᠯᠠᠬᠤ ᠶᠢ | ᠠᠬᠢᠭᠤᠯᠵᠤ᠂ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠨᠢᠭᠡ ᠥᠷᠲᠡᠭᠡᠴᠢᠯᠡᠭᠰᠡᠨ ᠮᠠᠶ᠋ᠢᠭ ᠤᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ | ᠬᠠᠩᠭᠠᠨ᠎ᠠ᠃ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ᠂ ᠬᠤᠭᠤᠯᠠ ᠤᠮᠳᠠ ᠶᠢ | ᠲᠤᠰᠠᠯᠠᠬᠤ᠂ ᠵᠡᠮᠳᠡᠭᠴᠦᠳ ᠢ ᠲᠤᠰᠠᠯᠠᠬᠤ ᠵᠡᠷᠭᠡ ᠲᠦᠭᠡᠮᠡᠯ ᠬᠠᠷᠠᠭᠠᠯᠵᠠᠯᠲᠤ ᠨᠡᠶᠢᠭᠡᠮ ᠤᠨ ᠦᠢᠯᠡᠴᠢᠯᠡᠭᠡ ᠶᠢ ᠨᠡᠶᠢᠭᠡᠮ | ᠲᠣᠭᠤᠷᠢᠭ ᠲᠤ ᠣᠷᠣᠭᠤᠯᠬᠤ ᠶᠢ ᠳᠡᠮᠵᠢᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠦᠢᠯᠡᠴᠢᠯᠡᠭᠡ | ᠬᠠᠩᠭᠠᠬᠤ ᠶᠢ ᠪᠠᠴᠢᠮ ᠱᠠᠭᠠᠷᠳᠠᠭᠳᠠᠵᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ | ᠵᠢᠷᠤᠮᠵᠢᠯ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠡᠩ ᠤᠨ ᠣᠷᠣᠨ ᠰᠠᠭᠤᠴᠠ ᠲᠦᠷᠢᠶᠡᠰᠦᠯᠡᠵᠦ | ᠦᠢᠯᠡᠴᠢᠯᠡᠭᠡᠨ ᠤ ᠲᠣᠣᠷ ᠴᠡᠭ ᠭᠠᠷᠭᠠᠬᠤ ᠶᠢ ᠵᠥᠪᠰᠢᠶᠡᠷᠡᠨ᠎ᠡ᠃ ᠨᠡᠶᠢᠭᠡᠮᠴᠢᠯᠡᠭᠰᠡᠨ ᠡᠬᠢ ᠪᠠᠶᠠᠯᠢᠭ ᠢ ᠭᠦᠢᠴᠡᠳ | ᠠᠰᠢᠭᠯᠠᠨ᠂ ᠨᠠᠰᠤᠲᠠᠶᠢᠴᠤᠳ ᠤᠨ ᠬᠤᠭᠤᠯᠠ ᠶᠢ ᠲᠤᠰᠠᠯᠠᠬᠤ ᠦᠢᠯᠡᠴᠢᠯᠡᠭᠡᠨ ᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠦᠨ᠎ᠡ᠃ ᠭᠡᠷ ᠪᠦᠯᠢ ᠶᠢᠨ ᠬᠥᠮᠦᠵᠢᠯ ᠤᠨ ᠨᠡᠶᠢᠭᠡᠮ ᠲᠣᠭᠤᠷᠢᠭ ᠢᠶᠠᠷ | ᠳᠡᠮᠵᠢᠭᠦᠯᠬᠦ ᠶᠢ ᠴᠢᠩᠭᠠᠳᠬᠠᠨ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠲᠠᠭᠠᠰᠢᠶᠠᠭᠳᠠᠬᠤ ᠨᠡᠶᠢᠭᠡᠮ | ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠪᠦᠲᠦᠭᠡᠨ ᠪᠠᠶᠢᠭᠤᠯᠵᠤ᠂ ᠨᠡᠶᠢᠭᠡᠮ | ᠲᠣᠭᠤᠷᠢᠭ ᠤᠨ ᠬᠢᠨ ᠤ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠬᠤ ᠦᠢᠯᠡᠴᠢᠯᠡᠭᠡ ᠶᠢ ᠥᠷᠭᠡᠨ ᠢᠶᠠᠷ | ᠥᠷᠨᠢᠭᠦᠯᠬᠦ ᠶᠢ ᠳᠡᠮᠵᠢᠨ᠎ᠡ᠃ | ︵ᠶᠢᠰᠦ︶ ᠠᠮᠢᠳᠤᠷᠠᠯ ᠤᠨ ᠣᠯᠠᠨ ᠶᠠᠩᠵᠤ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠣᠯᠠᠨ ᠬᠡᠷᠡᠭᠴᠡᠭᠡᠲᠦ ᠬᠠᠮ ᠴᠢᠳᠠᠮᠵᠢᠲᠤ ᠲᠠᠮᠢᠷ ᠤᠨ ᠲᠠᠯᠠᠪᠤᠷ ᠢ ᠬᠥᠭᠵᠢᠭᠦᠯᠦᠨ᠂ | ᠪᠡᠶ᠎ᠡ ᠶᠢᠨ ᠲᠠᠮᠢᠷ ᠤᠨ ᠲᠠᠯᠠᠪᠤᠷ ᠤᠨ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠰᠣᠶᠣᠯ᠂ ᠵᠢᠭᠤᠯᠴᠢᠯᠠᠯ᠂ | ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠠᠭᠤᠰᠤᠯᠳᠤᠨ ᠬᠥᠭᠵᠢᠬᠦ ᠶᠢ | ᠠᠬᠢᠭᠤᠯᠤᠨ᠎ᠠ᠃ ᠠᠰᠢᠭᠯᠠᠬᠤ ᠨᠣᠷᠮ᠎ᠠ ᠪᠠᠷ ᠥᠨᠳᠥᠷ ᠳᠤᠮᠳᠠ ᠪᠠᠭ᠎ᠠ ᠭᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠢ | ᠣᠷᠳᠣᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠨᠡᠶᠢᠭᠡᠮ ᠳᠤ ᠰᠦᠢᠳᠬᠡᠯ ᠬᠤᠷᠢᠶᠠᠬᠤ ᠦᠭᠡᠢ | ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠬᠦ ᠶᠢ ᠢᠳᠡᠪᠬᠢᠲᠡᠢ ᠪᠠᠷ ᠠᠬᠢᠭᠤᠯᠤᠨ᠎ᠠ᠃ ᠨᠥᠬᠦᠴᠡᠯ ᠲᠠᠢ | ᠮᠦᠽᠧᠢ᠂ ᠨᠣᠮ ᠤᠨ ᠰᠠᠩ᠂ ᠤᠷᠠᠨ ᠵᠢᠷᠤᠭ ᠤᠨ ᠣᠷᠳᠣᠨ ᠵᠡᠷᠭᠡ ᠰᠣᠶᠣᠯ ᠤᠨ ᠲᠠᠯᠠᠪᠠᠢ ᠣᠷᠳᠣᠨ ᠢ ᠰᠥᠨᠢ ᠪᠠᠷ | ᠨᠡᠭᠡᠭᠡᠬᠦ ᠶᠢ ᠳᠠᠮᠵᠢᠨ᠎ᠠ᠃ ᠨᠥᠬᠦᠴᠡᠯ ᠲᠠᠢ ᠭᠠᠵᠠᠷ ᠣᠷᠣᠨ ᠨᠢ ᠭᠡᠷ ᠤᠨ ᠭᠠᠳᠠᠨᠠᠬᠢ ᠬᠥᠳᠡᠯᠭᠡᠭᠡᠨ ᠤ ᠴᠢᠨᠠᠷ ᠰᠠᠶᠢᠲᠠᠢ | ᠡᠬᠢ ᠪᠠᠶᠠᠯᠢᠭ ᠪᠠ ᠳᠠᠪᠠᠭᠤᠯᠢᠭ ᠲᠥᠷᠥᠯ ᠵᠦᠢᠯ ᠳᠤ ᠲᠦᠰᠢᠭᠯᠡᠨ᠂ ᠲᠥᠬᠦᠭᠡᠷᠦᠮᠵᠢ ᠨᠢ ᠪᠦᠷᠢᠨ ᠲᠡᠭᠦᠯᠳᠡᠷ᠂ | ᠦᠢᠯᠡᠴᠢᠯᠡᠭᠡ ᠨᠢ ᠴᠢᠨᠠᠷ ᠰᠠᠶᠢᠲᠠᠢ᠂ ᠤᠷᠤᠯᠳᠤᠭᠠᠨ ᠨᠢ ᠡᠯᠪᠡᠭ ᠪᠠᠶᠠᠯᠢᠭ ᠴᠢᠨᠠᠷ ᠰᠠᠶᠢᠲᠠᠢ ᠭᠡᠷ ᠤᠨ ᠭᠠᠳᠠᠨᠠᠬᠢ | ᠬᠥᠳᠡᠯᠭᠡᠭᠡᠨ ᠤ ᠬᠠᠷᠠᠯᠲᠠᠲᠤ ᠭᠠᠵᠠᠷ ᠢ ᠪᠤᠶ ᠪᠤᠯᠭᠠᠬᠤ ᠶᠢ ᠳᠡᠮᠵᠢᠨ᠎ᠡ᠃ ᠪᠦᠭᠦ ᠠᠷᠠᠳ ᠢᠶᠠᠷ ᠢᠶᠠᠨ ᠨᠣᠮ ᠤᠩᠰᠢᠬᠤ ᠶᠢ | ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠪᠣᠳᠠᠲᠤ ᠬᠡᠷᠡᠭᠴᠡᠭᠡ ᠲᠠᠢ ᠪᠥᠭᠡᠳ ᠳᠥᠭᠦᠮ ᠳᠥᠲᠡ᠂ | ᠦᠢᠯᠡᠴᠢᠯᠡᠭᠡ ᠨᠢ ᠥᠨᠳᠥᠷ ᠪᠦᠲᠦᠮᠵᠢᠲᠡᠶ ᠪᠦᠭᠦ ᠠᠷᠠᠳ ᠢᠶᠠᠷ ᠢᠶᠠᠨ ᠨᠣᠮ ᠤᠩᠰᠢᠬᠤ ᠲᠥᠬᠦᠭᠡᠷᠦᠮᠵᠢ ᠶᠢ | ᠪᠠᠶᠢᠭᠤᠯᠤᠨ᠎ᠠ᠃ | ︵ᠠᠷᠪᠠ︶ ᠪᠠᠭᠲᠠᠭᠠᠮᠵᠢᠲᠠᠢ ᠬᠠᠮᠲᠤ ᠪᠠᠷ ᠡᠳ᠋ᠯᠡᠬᠦ ᠬᠥᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠲᠥᠷᠥ ᠶᠢᠨ ᠪᠣᠳᠣᠯᠭ᠎ᠠ ᠲᠣᠭᠲᠠᠭᠠᠬᠤ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤᠮᠳᠠ ᠬᠡᠦᠬᠡᠳ ᠢ ᠡᠩ ᠲᠡᠷᠢᠭᠦᠨ ᠳᠤ ᠪᠣᠳᠣᠯᠬᠢᠯᠠᠬᠤ ᠵᠠᠷᠴᠢᠮ | ᠪᠣᠯᠣᠨ ᠬᠡᠦᠬᠡᠳ ᠲᠤ ᠨᠥᠭᠦᠷᠰᠡᠭ ᠪᠠᠶᠢᠬᠤ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠠᠮᠢᠳᠤᠷᠠᠯ ᠤᠨ ᠬᠠᠷᠠᠭᠠᠯᠵᠠᠯ᠂ | ᠦᠨᠳᠦᠰᠦᠨ ᠡᠮᠴᠢᠯᠡᠭᠡ᠂ ᠦᠨᠳᠦᠰᠦᠨ ᠡᠷᠡᠭᠦᠯᠵᠢᠯ᠂ ᠰᠤᠷᠭᠠᠨ ᠬᠥᠮᠦᠵᠢᠯ ᠤᠨ ᠡᠷᠬᠡ ᠠᠰᠢᠭ ᠤᠨ ᠪᠠᠲᠤᠯᠠᠭ᠎ᠠ᠂ | ᠨᠡᠶᠢᠭᠡᠮ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠠᠶᠢᠷ᠎ᠠ ᠬᠠᠯᠠᠮᠵᠢᠲᠤ ᠡᠵᠢ︾ ᠬᠠᠪᠰᠤᠷᠤᠯᠴᠠᠭ᠎ᠠ | ᠪᠠᠶᠢᠭᠤᠯᠵᠤ ᠬᠠᠯᠠᠮᠵᠢᠯᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠥᠷᠥᠯ ᠰᠠᠳᠤᠨ ᠤ ᠬᠠᠶᠢᠷ᠎ᠠ ᠶᠢ ᠡᠳ᠋ᠯᠡᠬᠦ ᠪᠣᠯᠵᠤ᠂ ᠠᠮᠤᠷ | ᠲᠦᠪᠰᠢᠨ ᠢᠶᠠᠷ ᠬᠠᠷᠠᠭᠠᠯᠵᠠᠨ ᠠᠰᠠᠷᠠᠬᠤ ᠵᠡᠷᠭᠡ ᠲᠠᠯ᠎ᠠ ᠶᠢᠨ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ | ᠵᠠᠯᠠᠭᠤᠴᠤᠳ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠵᠠᠯᠠᠭᠤᠴᠤᠳ ᠤᠨ ᠡᠷᠳᠡᠮ ᠨᠣᠮ ᠰᠤᠷᠴᠤ ᠠᠵᠢᠯᠯᠠᠬᠤ᠂ ᠤᠷᠤᠭ ᠢᠨᠠᠭ ᠦᠷᠡᠵᠢᠯ᠂ ᠨᠡᠶᠢᠭᠡᠮ ᠤᠨ ᠠᠭᠤᠰᠤᠯᠴᠠᠯ | ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠬᠠᠩᠭᠠᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ | ᠠᠵᠢᠯᠯᠠᠬᠤ ᠪᠠ ᠣᠷᠣᠨ ᠰᠠᠭᠤᠴᠠ ᠶᠢᠨ ᠲᠡᠩᠴᠡᠭᠦᠷᠢ ᠶᠢ ᠬᠠᠮᠲᠤ ᠳᠤᠨᠢ ᠬᠠᠷᠠᠭᠠᠯᠵᠠᠭᠰᠠᠨ ᠪᠠᠶᠢᠷᠢ ᠶᠢᠨ ᠭᠡᠯᠪᠡᠷᠢ᠂ | ᠪᠠᠭ᠎ᠠ ᠭᠡᠯᠪᠡᠷᠢ ᠶᠢᠨ ᠵᠠᠯᠠᠭᠤᠴᠤᠳ ᠤᠨ ᠨᠡᠶᠢᠲᠡ ᠶᠢᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠬᠥᠲᠥᠯᠥᠨ | ᠵᠢᠯᠤᠭᠤᠳᠴᠤ ᠳᠡᠮᠵᠢᠨ᠎ᠡ᠃ ᠨᠠᠰᠤᠲᠠᠶᠢᠴᠤᠳ ᠤᠨ ᠨᠡᠶᠢᠭᠡᠮ ᠤᠨ ᠣᠷᠤᠯᠴᠠᠯᠭ᠎ᠠ ᠶᠢ ᠬᠢᠵᠠᠭᠠᠷᠯᠠᠬᠤ ᠵᠦᠢ ᠵᠣᠬᠢᠰ | ᠦᠭᠡᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠬᠦᠴᠦᠨ ᠦᠭᠡᠢ ᠪᠤᠯᠭᠠᠵᠤ᠂ ︽ | ᠨᠠᠰᠤᠲᠠᠶᠢᠴᠤᠳ ᠢᠶᠠᠷ ᠨᠠᠰᠤᠲᠠᠶᠢᠴᠤᠳ ᠢ ᠲᠤᠰᠠᠯᠠᠬᠤ︾ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠶᠢ ᠳᠡᠮᠵᠢᠵᠦ᠂ | ᠨᠠᠰᠤ ᠠᠬᠢᠭᠰᠠᠨ ᠬᠥᠳᠡᠯᠮᠦᠷᠢᠴᠢᠳ ᠤᠨ ᠣᠯᠠᠨ ᠶᠠᠩᠵᠤ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠨ᠎ᠡ᠃ | ᠨᠠᠰᠤ ᠠᠬᠢᠭᠰᠠᠨ ᠬᠡᠷᠡᠭᠯᠡᠭᠴᠢᠳ ᠲᠤ ᠨᠥᠭᠦᠷᠰᠡᠭ ᠣᠶᠤᠨᠴᠢ ᠮᠡᠷᠭᠡᠵᠢᠯ ᠤᠨ ᠦᠢᠯᠡᠳᠬᠦᠨ ᠪᠠ ᠬᠡᠷᠡᠭᠯᠡᠯᠲᠡ ᠶᠢ | ᠶᠡᠭᠡ ᠪᠠᠷ ᠬᠥᠭᠵᠢᠭᠦᠯᠵᠦ᠂ ᠣᠯᠠᠨ ᠨᠡᠶᠢᠲᠡ ᠶᠢᠨ ᠲᠥᠬᠦᠭᠡᠷᠦᠮᠵᠢ᠂ ᠰᠠᠭᠤᠭᠠᠯᠢ ᠠᠷᠠᠳ ᠤᠨ ᠣᠷᠣᠨ ᠰᠠᠭᠤᠴᠠ | ᠵᠡᠷᠭᠡ ᠣᠯᠠᠨ ᠳᠠᠪᠬᠤᠷᠭᠠᠲᠤ ᠪᠠᠷᠢᠯᠭ᠎ᠠ ᠳᠤ ᠴᠠᠭᠢᠯᠭᠠᠨ ᠱᠠᠲᠤ ᠨᠡᠮᠡᠵᠦ ᠤᠭᠰᠠᠷᠠᠬᠤ ᠶᠢ ᠠᠬᠢᠭᠤᠯᠤᠨ᠎ᠠ᠃ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ | ᠨᠥᠬᠦᠪᠦᠷᠢ ᠶᠢᠨ ᠪᠠᠷᠢᠮᠵᠢᠶ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠵᠢᠷᠮᠦᠰᠦᠨ ᠬᠤᠭᠤᠴᠠᠭᠠᠨ ᠳᠠᠬᠢ ᠡᠮᠡᠭᠲᠡᠶᠢᠴᠦᠳ ᠤᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠦᠨᠳᠦᠰᠦᠨ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠵᠣᠬᠢᠬᠤ ᠨᠠᠰᠤᠨ ᠤ ᠥᠬᠢᠨ ᠳᠤ | ᠬᠥᠬᠦᠨᠴᠢᠷ ᠬᠠᠪᠤᠳᠠᠷ ᠤᠨ ᠸᠢᠷᠦ᠋ᠰ ︵HPV︶ ᠤᠨ ᠸᠠᠺᠼᠢᠨ ᠳᠠᠷᠢᠬᠤ ᠶᠢ ᠵᠣᠷᠢᠭᠵᠢᠭᠤᠯᠤᠨ᠎ᠠ᠃ ᠬᠤᠲᠠ | ᠬᠥᠳᠡᠭᠡ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠬᠡᠦᠬᠡᠳ ᠲᠤ ᠲᠣᠬᠢᠷᠠᠬᠤ᠂ ᠨᠠᠰᠤᠵᠢᠯ ᠳᠤ ᠲᠣᠬᠢᠷᠠᠬᠤ ᠪᠠ | ᠰᠠᠭᠠᠳ ᠦᠭᠡᠢ ᠪᠤᠯᠭᠠᠬᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠰᠠᠷᠠᠮᠵᠢ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠭᠡᠷ ᠪᠦᠯᠢ ᠶᠢᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ ᠤᠨ ᠤᠳᠤᠷᠢᠳᠤᠯᠭ᠎ᠠ ᠶᠢ ᠠᠷᠠᠳ ᠤᠨ ᠠᠮᠢᠳᠤᠷᠠᠯ ᠤᠨ | ᠠᠵᠢᠯ ᠤᠨ ᠡᠯ᠎ᠡ ᠬᠦᠷᠢᠶ᠎ᠡ ᠪᠦᠭᠦ ᠶᠠᠪᠤᠴᠠ ᠳᠤ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠪᠠ | ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠶᠢᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠶᠢᠨ ᠨᠡᠶᠢᠭᠡᠮ ᠤᠨ ᠦᠢᠯᠡᠰ ᠢ ᠳᠡᠮᠵᠢᠬᠦ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ | ᠡᠯ᠎ᠡ ᠭᠠᠵᠠᠷ ᠤᠨ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠳᠠᠯ ᠢᠶᠠᠷ ᠢᠶᠠᠨ | ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ | ᠴᠢᠩᠭᠠᠳᠬᠠᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠵᠢᠯ | ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ | ᠦᠨᠡᠨ ᠬᠦ ᠪᠠᠲᠤ ᠰᠠᠬᠢᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠤᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠠᠯᠠᠭ᠎ᠠ ᠮᠥᠴᠢᠷ ᠠᠯᠤᠰᠯᠠᠨ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ | ᠦᠨᠡᠯᠡᠨ ᠵᠢᠱᠢᠬᠦ ᠳᠤ ᠨᠡᠶᠢᠭᠡᠮ ᠤᠨ ᠲᠥᠪ ᠭᠤᠤᠯᠴᠢ ᠶᠢᠨ ᠲᠠᠯ᠎ᠠ ᠠᠴᠠ ᠨᠡᠶᠢᠭᠡᠮ ᠤᠨ ᠵᠢᠱᠢᠯᠲᠡ ᠳᠤ ᠦᠵᠡᠭᠦᠯᠭᠦ | ᠨᠥᠯᠥᠭᠡ ᠶᠢ ᠦᠨᠡᠯᠡᠨ ᠵᠢᠱᠢᠬᠦ ᠶᠢ ᠴᠢᠬᠤᠯᠠᠴᠢᠯᠠᠨ᠎ᠠ᠃ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠪᠦᠭᠦ ᠤᠯᠤᠰ ᠤᠨ | ᠳᠠᠪᠬᠤᠷᠭ᠎ᠠ ᠶᠢᠨ ᠵᠢᠱᠢᠯᠲᠡ ᠶᠢᠨ ᠴᠢᠨᠠᠷᠲᠠᠢ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠶᠢ ᠱᠠᠲᠤ ᠱᠠᠲᠤ ᠪᠠᠷ | ᠵᠠᠳᠠᠯᠬᠤ ᠪᠠ ︽ᠨᠢᠭᠡ ᠯᠡ ᠠᠳᠠᠯᠢ ᠪᠠᠷ ᠱᠠᠭᠠᠷᠳᠠᠬᠤ︾ ᠬᠢᠨᠠᠨ ᠰᠢᠯᠭᠠᠬᠤ ᠦᠭᠡᠢ ᠪᠠᠶᠢᠬᠤ ᠬᠡᠷᠡᠭᠲᠡᠢ᠃ |