ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ 6 ᠰᠠᠷ᠎ᠠ ᠶᠢᠨ 11 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠺᠣᠩᠭᠣ᠋ ︵ᠪᠷᠠᠽᠡᠸᠢᠯ︶ ᠶᠢᠨ ᠶᠡᠷᠦᠩᠬᠡᠶᠢᠯᠡᠭᠴᠢ ᠰᠠᠰᠦ᠋ ᠲᠣᠰ ᠲᠣᠰ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ | ᠵᠣᠬᠢᠴᠠᠭᠤᠯᠤᠭᠴᠢ ᠶᠢᠨ ᠰᠠᠶᠢᠳ ᠤᠨ ᠲᠠᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠲᠤᠰ ᠬᠤᠷᠠᠯ | ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 | ᠵᠢᠯ ᠤᠨ ᠲᠤᠷᠰᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠥᠷᠨᠢᠩᠭᠦᠢ ᠬᠥᠭᠵᠢᠯᠲᠡ ᠶᠢ ᠬᠦᠴᠦᠲᠡᠢ ᠲᠠᠶᠢᠴᠢᠯᠠᠵᠥ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠪᠠ᠃ | ᠨᠢᠳᠤᠨᠤᠨ ᠤ 9 ᠰᠠᠷ᠎ᠠ ᠳᠤ ᠪᠢ ᠠᠹᠷᠢᠺᠠ ᠲᠢᠪ ᠤᠨ ᠤᠳᠤᠷᠢᠳᠬᠤ ᠬᠥᠮᠥᠰ ᠲᠠᠢ ᠬᠠᠮᠲᠤ ᠶᠠᠷᠢᠶᠠᠨ ᠤ ᠲᠠᠪᠴᠠᠩ ᠤᠨ | ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠭᠠᠷ ᠬᠤᠯᠪᠣᠨ ︽ᠵᠢᠷᠭᠤᠭᠠᠨ ᠣᠳᠣᠬᠢᠴᠢᠯᠠᠯᠲᠠ︾ ᠶᠢ ᠠᠬᠢᠭᠤᠯᠵᠤ᠂ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠠᠮᠲᠤ ᠪᠠᠷ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢ | ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ ᠣᠷᠣᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ ᠬᠤᠶᠠᠷ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠠᠵᠢᠯ ᠨᠢᠭᠡ | ᠪᠦᠯᠦᠭ ᠪᠠᠶᠠᠷᠯᠠᠭᠤᠰᠢᠲᠠᠢ ᠡᠮᠦᠨᠡᠬᠢ ᠬᠤᠭᠤᠴᠠᠭᠠᠨ ᠤ ᠠᠮᠵᠢᠯᠲᠠ ᠣᠯᠵᠠᠢ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ | ᠪᠠᠰᠠ 2026 ᠣᠨ ᠤ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠡᠳᠬᠡᠨ | ᠡᠷᠭᠢᠯᠡᠭᠦ ᠲᠤᠬᠠᠢ ᠬᠠᠮᠲᠤ ᠶᠢᠨ ᠲᠠᠨᠢᠯᠲᠠ ᠲᠠᠢ ᠪᠣᠯᠪᠠ᠂ ᠡᠨᠡ ᠨᠢ ᠳᠤᠮᠳᠠᠳᠤ ᠠᠹᠷᠢᠺᠠ ᠶᠢᠨ ᠨᠥᠭᠦᠷᠰᠡᠭ | ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠡᠭᠡᠳᠡᠷᠡᠭᠡᠨ ᠪᠤᠳᠤᠯᠢᠶᠠᠨᠲᠠᠢ ᠪᠠᠶᠢᠨ᠎ᠠ᠃ | ᠳᠤᠮᠳᠠᠳᠤ ᠤᠯᠤᠰ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ | ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢᠶᠠᠷ ᠠᠹᠷᠢᠺᠠ | ᠲᠢᠪ ᠵᠡᠷᠭᠡ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠨᠢᠲᠠᠨ ᠳᠤ ᠰᠢᠨ᠎ᠡ ᠬᠥᠳᠡᠯᠭᠡᠬᠦ ᠡᠨᠧᠷᠭᠢ | ᠬᠠᠩᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠬᠤ ᠪᠠᠷ ᠳᠠᠮᠵᠢᠨ ᠲᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠲᠤ ᠭᠠᠶᠢᠯᠢ ᠬᠤᠷᠢᠶᠠᠪᠠᠰᠤ ᠵᠣᠬᠢᠬᠤ 100% ᠶᠢᠨ ᠲᠦᠷᠦᠯ ᠵᠦᠢᠯ ᠤᠨ | ᠦᠢᠯᠡᠳᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ | ᠠᠹᠷᠢᠺᠠ ᠲᠢᠪ ᠤᠨ ᠬᠠᠮᠤᠭ ᠤᠨ ᠬᠥᠭᠵᠢᠭᠡᠳᠦᠢ ᠤᠯᠤᠰ ᠤᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠳᠤ ᠨᠡᠩ | ᠤᠯᠠᠨ ᠲᠦᠭᠦᠮ ᠦᠵᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ᠠᠷᠪᠠᠨ ᠶᠡᠭᠡ ᠬᠠᠨᠢᠲᠠᠨ ᠤ | ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠠᠵᠤ ᠦᠢᠯᠡᠰ᠂ ᠡᠯᠧᠺᠳ᠋ᠷᠣᠨ ᠬᠤᠳᠠᠯᠳᠤᠭᠠᠨ ᠤ | ᠶᠠᠪᠤᠳᠠᠯ ᠪᠣᠯᠣᠨ ᠲᠣᠭᠠᠴᠠᠭ᠎ᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ᠂ ᠮᠥᠩᠭᠦᠨ ᠭᠦᠢᠯᠭᠡᠭᠡᠨ᠂ | ᠬᠠᠤᠯᠢ ᠪᠠᠷ ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠬᠥᠮᠥᠨ ᠤ ᠶᠢᠷᠲᠢᠨᠴᠦ ᠶᠢᠨ ᠵᠥᠪ ᠵᠠᠮ ᠮᠥᠨ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠳᠤᠮᠳᠠᠳᠤ ᠠᠹᠷᠢᠺᠠ ᠭᠠᠷ | ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠪᠦᠯᠬᠦᠮᠳᠡᠯ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ | ᠦᠢᠯᠡᠰ ᠲᠤ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠬᠦ ᠪᠣᠯᠣᠨ᠎ᠠ᠃ ᠳᠤᠮᠳᠠᠳᠤ ᠠᠹᠷᠢᠺᠠ ᠬᠤᠶᠠᠷ | ᠲᠠᠯ᠎ᠠ ᠪᠠᠷ ᠢᠶᠠᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ | ᠯᠠᠪᠳᠠᠭᠤᠨ ᠪᠠᠲᠤᠲᠠᠢ ᠠᠬᠢᠭᠤᠯᠵᠤ᠂ ᠶᠠᠷᠢᠶᠠᠨ ᠤ ᠲᠠᠪᠴᠠᠩ ᠤᠨ ᠢᠷᠡᠭᠡᠳᠦᠢ ᠶᠢᠨ ᠬᠥᠭᠵᠢᠯᠲᠡ ᠶᠢ ᠨᠠᠷᠢᠨ ᠨᠢᠮᠪᠠᠢ | ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠳᠤ ᠳᠤᠮᠳᠠᠳᠤ ᠠᠹᠷᠢᠺᠠ ᠶᠢᠨ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | ᠰᠠᠰᠦ᠋ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ | ᠪᠡᠭᠡᠵᠢᠩ ᠳᠠᠬᠢ ᠲᠦᠷᠦᠭᠦᠴᠦᠳ ᠤᠨ ᠬᠤᠷᠠᠯ ᠬᠤᠷᠠᠯᠳᠤᠭᠰᠠᠨ ᠠᠴᠠ ᠨᠠᠭᠠᠰᠢ ᠠᠹᠷᠢᠺᠠ ᠳᠤᠮᠳᠠᠳᠤ ᠶᠢᠨ ᠪᠠᠶᠢᠯᠳᠤᠬᠤ | ᠪᠣᠳᠣᠯᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠠᠢ᠃ ᠲᠤᠰ ᠬᠤᠭᠤᠴᠠᠭᠠᠨ ᠤ | ᠵᠣᠬᠢᠴᠠᠭᠤᠯᠤᠭᠴᠢ ᠶᠢᠨ ᠬᠤᠷᠠᠯ ᠨᠢ ᠶᠠᠭ ᠰᠠᠶᠢᠬᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ | ᠪᠠᠶᠢᠭᠤᠯᠤᠭᠳᠠᠭᠰᠠᠨ 25 ᠵᠢᠯ ᠤᠨ ᠤᠢ ᠳᠤ ᠲᠣᠬᠢᠶᠠᠭᠰᠠᠨ ᠪᠠᠶᠢᠨ᠎ᠠ᠃ ᠪᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠡᠷᠡᠰ | ᠭᠤᠶᠢᠪᠢᠰᠢ ᠦᠭᠡᠢ ᠪᠠᠷ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠵᠤ᠂ ᠬᠤᠶᠠᠷ ᠲᠠᠯ᠎ᠠ ᠶᠢᠨ | ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠺᠣᠩᠭᠣ᠋ ︵ᠪᠷᠠᠽᠡᠸᠢᠯ︶ ᠨᠢ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠲᠤ ᠶᠢᠨ ᠲᠡᠷᠢᠭᠦᠯᠡᠭᠴᠢ ᠤᠯᠤᠰ | ᠪᠣᠯᠤᠭᠰᠠᠨ ᠤ ᠬᠤᠪᠢ ᠳᠤ ᠳᠤᠷᠠᠲᠠᠶ᠎ᠠ ᠳᠤᠮᠳᠠᠳᠤ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠪᠤᠰᠤᠳ | ᠤᠯᠤᠰ ᠤᠳ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠣᠣᠷᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠠᠴᠠ ᠵᠠᠶᠢᠳᠠᠭᠰᠠᠨ ᠤᠯᠠᠨ ᠲᠦᠢᠯᠲᠤ ᠳᠡᠯᠡᠬᠡᠢ | ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠳᠡᠯᠡᠬᠡᠶᠢᠵᠢᠯᠲᠡ ᠶᠢᠨ ᠰᠢᠨ᠎ᠡ ᠴᠠᠭ | ᠦᠶ᠎ᠡ ᠶᠢ ᠨᠡᠭᠡᠭᠡᠨ᠎ᠡ ᠭᠡᠵᠦ ᠢᠯᠡᠳᠬᠡᠪᠡ᠃ |