6 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠳᠡᠭᠡ ᠲᠣᠰᠬᠤᠨ | ᠮᠠᠯᠵᠢᠬᠤ ᠣᠷᠣᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠶᠢ | ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠪᠠᠶᠢᠳᠠᠯ ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠧᠢ ᠬᠤᠷᠠᠯ ᠢ ᠡᠷᠭᠢᠯᠡᠵᠦ᠂ ᠨᠠᠷᠢᠨ ᠪᠢᠴᠢᠭ ᠤᠨ | ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ | ᠠᠬᠤᠢ ᠶᠢᠨ ᠵᠥᠪᠯᠡᠯ ᠤᠨ ᠬᠤᠯᠪᠣᠭᠳᠠᠯ ᠪᠦᠬᠦᠢ ᠨᠥᠬᠦᠳ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ | ᠲᠠᠨᠢᠯᠴᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠢ | ᠮᠡᠷᠭᠡᠵᠢᠯᠲᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠣᠨ ᠲᠤᠷᠰᠢᠯᠲᠠ ᠶᠢᠨ | ᠴᠡᠭ ᠤᠨ ᠭᠠᠵᠠᠷ ᠣᠷᠣᠨ ᠤ ᠺᠠᠳ᠋ᠷ ᠭᠦᠢᠴᠡᠳ ᠵᠥᠪᠯᠡᠯᠭᠡ ᠬᠢᠪᠡ᠃ | ᠬᠤᠷᠠᠯ ᠠᠴᠠ ᠪᠦᠭᠦ ᠣᠷᠣᠨ ᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ | ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ | ᠠᠵᠢᠯ ᠤᠨ ᠵᠠᠷᠴᠢᠮ ᠪᠣᠯᠣᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠵᠥᠪ ᠣᠨᠣᠪᠴᠢᠳᠠᠢ ᠡᠵᠡᠮᠳᠡᠵᠦ᠂ | ᠭᠤᠣᠯᠳᠠᠯᠭ᠎ᠠ ᠲᠠᠢ ᠠᠰᠠᠭᠤᠳᠠᠯ᠂ ᠮᠠᠯᠴᠢᠨ ᠲᠠᠷᠢᠶᠠᠴᠢᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠮᠠᠨ ᠤ ᠣᠷᠣᠨ ᠤ ᠬᠥᠳᠡᠭᠡ ᠲᠤᠰᠬᠤᠨ ᠮᠠᠯᠵᠢᠬᠤ ᠣᠷᠣᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠬᠡᠷᠡᠭᠲᠡᠢ ᠭᠡᠵᠦ ᠳᠤᠷᠠᠳᠪᠠ᠃ |