ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ ᠡᠬᠡ ᠳᠠᠩᠰᠠ ᠶᠢᠨ ᠲᠤᠭ᠎ᠠ ᠪᠠᠷᠢᠮᠲᠠ ᠶᠢ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/16
   ᠲᠠᠷᠢᠶᠠᠯᠠᠩ ᠤᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠠᠵᠢᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠃ 6 ᠰᠠᠷ᠎ᠠ ᠶᠢᠨ 4 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠠᠷᠢᠶ᠎ᠠ 12 ᠰᠤᠮᠤ ᠪᠠᠯᠭᠠᠰᠤᠨ ᠳᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠠᠷᠢᠮᠲᠠ ᠶᠢ ᠲᠤᠰᠬᠠᠢ ᠬᠢᠨᠠᠨ ᠪᠠᠶᠢᠴᠠᠭᠠᠬᠤ ᠠᠵᠢᠯ ᠢ ᠪᠦᠬᠦᠨ ᠢ ᠥᠷᠨᠢᠭᠦᠯᠪᠡ᠃    ᠬᠢᠨᠠᠨ ᠪᠠᠶᠢᠴᠠᠭᠠᠬᠤ ᠠᠵᠢᠯᠲᠠᠳ ᠲᠤᠬᠠᠢ ᠶᠢᠨ ᠲᠠᠯᠠᠪᠠᠢ ᠳᠤ 2023 ᠣᠨ᠂ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠡᠬᠡ ᠳᠠᠩᠰᠠ ᠳᠤ ᠵᠦᠢᠯ ᠳᠠᠷᠠᠭᠠᠯᠠᠨ ᠬᠢᠨᠠᠨ ᠪᠠᠶᠢᠴᠠᠭᠠᠯᠲᠠ ᠬᠢᠵᠦ᠂ ︽ᠲᠤᠭ᠎ᠠ ᠪᠦᠷᠢᠳᠬᠡᠯ ᠤᠨ ᠡᠭᠦᠯᠡᠨ ᠲᠠᠪᠴᠠᠩ︾ ᠤᠨ ᠲᠠᠪᠴᠠᠩ ᠢᠶᠠᠷ ᠳᠠᠮᠵᠢᠭᠤᠯᠤᠨ ᠴᠠᠭᠠᠰᠤᠨ ᠡᠬᠡ ᠳᠠᠩᠰᠠ ᠪᠠ ᠡᠯᠧᠺᠳ᠋ᠷᠣᠨ ᠡᠬᠡ ᠳᠠᠩᠰᠠ ᠲᠠᠢ ᠬᠠᠷᠢᠴᠠᠭᠤᠯᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠨᠢᠭᠡᠳᠦᠯᠲᠦ ᠴᠢᠨᠠᠷ ᠢ ᠦᠨᠡᠨ ᠬᠦ ᠪᠠᠲᠤᠯᠠᠪᠠ᠃ ᠲᠤᠬᠠᠢ ᠶᠢᠨ ᠲᠠᠯᠠᠪᠠᠢ ᠳᠤ ︽ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠬᠦᠰᠦᠨᠦᠭᠲᠦ︾ ᠶᠢ ᠲᠠᠭᠯᠠᠨ ᠪᠢᠴᠢᠭᠰᠡᠨ ᠪᠥᠭᠡᠳ ᠡᠬᠡ ᠳᠠᠩᠰᠠ ᠶᠢ ᠲᠠᠭᠯᠠᠨ ᠪᠢᠴᠢᠭᠰᠡᠨ ᠨᠢ ᠵᠢᠷᠤᠮᠵᠢᠯ ᠦᠭᠡᠢ᠂ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠦᠭᠡᠢ᠂ ᠲᠤᠭ᠎ᠠ ᠪᠠᠷᠢᠮᠲᠠ ᠨᠢ ᠨᠢᠭᠡᠳᠦᠯ ᠦᠭᠡᠢ ᠵᠡᠷᠭᠡ ᠠᠰᠠᠭᠤᠳᠠᠯ ᠢ ᠵᠢᠭᠠᠨ ᠭᠠᠷᠭᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠲᠤᠰ ᠤᠳᠠᠭᠠᠨ ᠤ ᠬᠢᠨᠠᠨ ᠪᠠᠶᠢᠴᠠᠭᠠᠯᠲᠠ ᠪᠠᠷ ᠳᠠᠮᠵᠢᠨ᠂ ᠮᠠᠨ ᠤ ᠲᠣᠪᠴᠢᠶ᠎ᠠ ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠪᠠ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠨᠢᠭᠡ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠦᠷᠢᠳᠬᠡᠯ ᠤᠨ ᠳᠦᠷᠢᠮ᠂ ᠭᠦᠢᠴᠡᠳᠬᠡᠯ ᠲᠤᠭ᠎ᠠ ᠶᠢᠨ ᠲᠠᠶᠢᠯᠪᠤᠷᠢᠯᠠᠯᠲᠠ᠂ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠵᠡᠷᠭᠡ ᠠᠭᠤᠯᠭ᠎ᠠ ᠶᠢ ᠳᠠᠬᠢᠨ ᠴᠢᠬᠤᠯᠠᠴᠢᠯᠠᠵᠤ᠂ ᠳᠠᠬᠢᠨ ᠪᠠᠶᠢᠷᠢᠯᠠᠭᠤᠯᠪᠠ᠃ ᠬᠤᠶᠠᠷ ᠲᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠴᠤᠭᠯᠠᠭᠤᠯᠬᠤ᠂ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠬᠦ ᠵᠡᠷᠭᠡ ᠭᠤᠭᠴᠤᠭ᠎ᠠ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠲᠤᠰ ᠤᠳᠠᠭ᠎ᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠮᠥᠷᠳᠡᠵᠦ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠦᠬᠦ ᠬᠤᠰᠢᠭᠤᠨ ᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠪᠠᠲᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号