ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠵᠣᠭᠤᠰᠣᠨ ᠤᠭᠤᠲᠠ ᠶᠢ ᠰᠠᠬᠢᠵᠤ᠂ ᠵᠣᠯ ᠵᠢᠷᠭᠠᠯᠲᠤ ᠭᠡᠷ ᠢᠶᠠᠨ ᠰᠠᠶᠢᠲᠤᠷ ᠬᠠᠮᠠᠭᠠᠯᠠᠬᠤ︾ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠲᠥᠪᠯᠡᠷᠡᠩᠭᠦᠢ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/16
   ᠥᠷᠭᠡᠨ ᠣᠯᠠᠨ ᠲᠦᠮᠡᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 9 ᠪᠦᠷᠢᠯᠳᠦᠬᠦᠨ ᠨᠢᠭᠡᠴᠡ᠂ 7 ᠪᠠᠩᠬᠢ᠂ 5 ᠳᠠᠭᠠᠳᠬᠠᠯ ᠤᠨ ᠺᠣᠮᠫᠠᠨᠢ ᠶᠢ ᠵᠣᠬᠢᠶᠠᠨ ᠪᠠᠶᠢᠭᠤᠯᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠲᠦ ᠠᠭᠤᠳᠠᠮ ᠲᠠᠯᠠᠪᠠᠢ ᠳᠤ ︽ᠵᠣᠭᠤᠰ ᠤᠨ ᠤᠭᠤᠲᠠ ᠶᠢ ᠰᠠᠬᠢᠵᠤ᠂ ᠵᠣᠯ ᠵᠢᠷᠭᠠᠯᠲᠤ ᠭᠡᠷ ᠢᠶᠠᠨ ᠰᠠᠶᠢᠲᠤᠷ ᠬᠠᠮᠠᠭᠠᠯᠠᠶ᠎ᠠ︾ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠬᠤ ᠡᠳᠦᠷ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠪᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠴᠥᠷᠬᠡᠯᠡᠭᠡ ᠵᠢᠭᠡᠯᠡᠯᠭᠡ ᠲᠠᠯᠪᠢᠬᠤ ᠵᠡᠷᠭᠡ ᠪᠠᠶᠢᠩᠭᠤ ᠲᠣᠬᠢᠶᠠᠯᠳᠤᠬᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠡᠯᠪᠡᠷᠢ ᠳᠤ ᠴᠢᠭᠯᠡᠭᠦᠯᠦᠨ᠂ ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠲᠡᠭᠦᠨ ᠤ ᠣᠨᠴᠠᠯᠢᠭ᠂ ᠬᠤᠣᠷ ᠬᠥᠨᠥᠭᠡᠯ ᠵᠢᠴᠢ ᠰᠡᠷᠭᠡᠶᠢᠯᠡᠬᠦ ᠠᠷᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠣᠯᠠᠨ ᠲᠦᠮᠡᠨ ᠳᠤ ᠰᠣᠨᠣᠷ ᠰᠡᠷᠡᠮᠵᠢ ᠲᠠᠢ ᠪᠠᠶᠢᠵᠤ᠂ ᠥᠨᠳᠥᠷ ᠠᠰᠢᠭ ᠣᠯᠵᠠᠪᠤᠷᠢ ᠲᠠᠢ᠂ ᠳᠣᠣᠷ᠎ᠠ ᠠᠶᠤᠯ ᠲᠦᠭᠰᠢᠭᠦᠷᠢ ᠲᠠᠢ ᠪᠡᠯᠡ ᠣᠷᠣᠭᠤᠯᠤᠯᠲᠠ ᠶᠢᠨ ᠠᠮᠠᠯᠠᠯᠲᠠ ᠪᠠᠨ ᠠᠮᠠᠷᠬᠠᠨ ᠢᠲᠡᠭᠡᠬᠦ ᠦᠭᠡᠢ᠂ ᠬᠤᠪᠢ ᠬᠥᠮᠦᠨ ᠤ ᠮᠡᠳᠡᠭᠡ ᠵᠠᠩᠭᠢ ᠪᠠ ᠪᠠᠩᠬᠢ ᠶᠢᠨ ᠳᠠᠩᠰᠠᠨ ᠤ ᠨᠣᠮᠧᠷ ᠢ ᠳᠤᠷ᠎ᠠ ᠪᠠᠷ ᠢᠶᠠᠨ ᠵᠠᠳᠠᠷᠠᠭᠤᠯᠬᠤ ᠦᠭᠡᠢ᠂ ᠬᠠᠤᠯᠢ ᠪᠤᠰᠤ ᠮᠥᠩᠭᠦᠨ ᠭᠦᠢᠯᠭᠡᠭᠡᠨ ᠤ ᠤᠨᠠᠭᠤᠯᠢ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ ᠶᠢᠨ ᠳᠡᠳ᠋ ᠳᠠᠷᠤᠭ᠎ᠠ ᠴᠢᠦᠢ ᠵᠢᠶᠦ᠋ᠨ ᠯᠢᠶᠠᠩ᠄ ︽ᠡᠳᠦᠷ ᠲᠤᠲᠤᠮ ᠤᠨ ᠠᠵᠢᠯ ᠤᠨ ᠳᠤᠮᠳᠠ᠂ ᠮᠠᠨ ᠤ ᠪᠠᠩᠬᠢ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠠᠨ ᠨᠡᠶᠢᠲᠡ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠶᠢᠨ ᠲᠤᠬᠠᠢ ᠲᠠᠨᠢᠯᠲᠠ ᠪᠠ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠨ᠎ᠠ᠃ ᠪᠢᠳᠡ ᠪᠠᠩᠬᠢ ᠳᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠵᠣᠴᠢᠨ ᠡᠷᠦᠬᠡ ᠨᠢᠭᠡᠪᠦᠷᠢ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠪᠠᠰᠠ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ᠨᠠᠷ ᠴᠡᠭ ᠢᠶᠠᠷ ᠨᠡᠶᠢᠳᠡᠮ ᠢ ᠬᠠᠷᠠᠭᠠᠯᠵᠠᠬᠤ ᠬᠡᠯᠪᠡᠷᠢ ᠪᠠᠷ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠥᠷᠭᠡᠨ ᠢᠶᠠᠷ ᠤᠯᠠᠮᠵᠢᠯᠠᠵᠤ᠂ ᠠᠷᠠᠳ ᠣᠯᠠᠨ ᠤ ᠰᠡᠷᠭᠡᠶᠢᠯᠡᠬᠦ ᠴᠢᠳᠠᠪᠤᠷᠢ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠡᠷᠡᠭᠦᠯ ᠲᠣᠭᠲᠠᠭᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠬᠠᠮᠲᠤ ᠪᠠᠷ ᠬᠠᠮᠠᠭᠠᠯᠠᠨ᠎ᠠ︾ ᠬᠡᠵᠤ ᠠᠵᠢᠯᠲᠠᠳ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠥᠭᠪᠡ᠃    ᠠᠰᠠᠭᠤᠨ ᠯᠠᠪᠯᠠᠬᠤ ᠲᠠᠪᠴᠠᠩ ᠤᠨ ᠡᠮᠦᠨ᠎ᠡ᠂ ᠴᠥᠭᠡᠨ ᠪᠤᠰᠤ ᠣᠯᠠᠨ ᠲᠦᠮᠡᠨ ᠥᠪᠡᠷ ᠤᠨ ᠠᠩᠬᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠰᠠᠭᠤᠳᠠᠯ ᠤᠨ ᠲᠤᠬᠠᠢ ᠠᠵᠢᠯᠲᠠᠨ ᠠᠴᠠ ᠠᠰᠠᠭᠤᠨ ᠯᠠᠪᠯᠠᠵᠤ᠂ ᠠᠵᠢᠯᠲᠠᠳ ᠬᠦᠯᠢᠴᠡᠩᠭᠦᠢ ᠪᠠᠷ ᠬᠠᠷᠢᠭᠤᠯᠲᠠ ᠥᠭᠴᠦ᠂ ᠲᠡᠳᠡᠨ ᠳᠤ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ︽ᠡᠶᠢᠮᠦᠷᠬᠦᠦ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ᠂ ᠮᠠᠨ ᠤ ᠨᠠᠰᠤᠲᠠᠶᠢᠴᠤᠳ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠮᠠᠰᠢ ᠣᠯᠠᠨ ᠮᠡᠳᠡᠯᠭᠡ ᠶᠢ ᠰᠤᠷᠴᠤ᠂ ᠬᠤᠶᠢᠰᠢᠳᠠ ᠡᠶᠢᠮᠦᠷᠬᠦ ᠪᠠᠶᠢᠳᠠᠯ ᠲᠤᠯᠭᠠᠷᠠᠪᠠᠯ ᠶᠠᠭᠠᠬᠢᠵᠤ ᠵᠣᠬᠢᠴᠠᠬᠤ ᠶᠢ ᠮᠡᠳᠡᠵᠦ᠂ ᠡᠷᠬᠡᠪᠰᠢ ᠥᠪᠡᠷ ᠤᠨ ︿ᠵᠣᠭᠤᠰᠣᠨ ᠤᠭᠤᠲᠠ﹀ ᠪᠠᠨ ᠴᠢᠩᠭ᠎ᠠ ᠳᠠᠷᠤᠬᠤ ᠬᠡᠷᠡᠭᠲᠡᠢ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤ ᠶᠢᠨ ᠶᠡᠭᠡ ᠮᠠᠩᠬ᠎ᠠ ᠭᠠᠴᠠᠭᠠᠨ ᠤ ᠠᠷᠠᠳ ᠪᠦᠦ ᠶᠢᠨ ᠱᠠᠨ ᠬᠡᠯᠡᠪᠡ᠃     ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 370 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠶᠢ 150 ᠭᠠᠷᠤᠢ ᠬᠥᠮᠦᠨ ᠤᠳᠠᠭ᠎ᠠ ᠬᠦᠯᠢᠶᠡᠨ ᠠᠪᠴᠠᠢ᠃ ᠲᠤᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠪᠦᠲᠦᠮᠵᠢᠲᠡᠢ ᠨᠡᠮᠡᠭᠳᠡᠭᠦᠯᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃    ︽ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠪᠢᠳᠡ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠦᠨᠳᠦᠰᠦᠨ ᠱᠠᠲᠤᠨ ᠤ ᠤᠬᠠᠭᠤᠯᠭ᠎ᠠ ᠶᠢᠨ ᠬᠦᠴᠦᠨ ᠢ ᠳᠠᠶᠢᠴᠢᠯᠠᠵᠤ᠂ ᠰᠡᠷᠭᠡᠶᠢᠯᠡᠬᠦ ᠤᠬᠠᠮᠰᠠᠷ ᠢ ᠡᠳᠦᠷ ᠲᠤᠲᠤᠮ ᠤᠨ ᠠᠮᠢᠳᠤᠷᠠᠯ ᠤᠨ ᠡᠯ᠎ᠡ ᠲᠠᠯ᠎ᠠ ᠳᠤ ᠥᠴᠦᠬᠡᠨ ᠴᠦ ᠦᠭᠡ ᠳᠠᠭᠤᠨ ᠦᠭᠡᠢ ᠪᠠᠷ ᠠᠭᠤᠰᠤᠯᠴᠠᠭᠤᠯᠪᠠ᠃ ᠵᠠᠯᠭᠠᠭᠠᠳ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ︿ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ﹀ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯ ᠤᠨ ᠲᠣᠭᠲᠠᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ ᠶᠡᠷᠦᠩᠬᠡᠢ ᠡᠭᠦᠷ ᠤᠨ ᠳᠡᠳ᠋ ᠱᠦᠵᠢ ᠪᠠᠢ ᠰᠢᠶᠠᠩ ᠮᠧᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号