ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ ᠰᠦᠨ ᠱᠤᠤ ᠴᠧᠩ ᠸᠠᠩ ᠯᠢ ᠰᠢᠶᠠ ᠰᠢᠤᠸᠠᠶᠢᠺᠧᠯᠠᠶᠢᠲ᠋ᠢ ᠂ ᠵᠠᠺᠧᠯ ᠲᠠᠢ ᠪᠠᠷᠠᠳᠠᠨ ᠠᠭᠤᠯᠵᠠᠪᠠ ᠸᠠᠩ ᡁᠢ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2025/6/16
   6 ᠰᠠᠷ᠎ᠠ ᠶᠢᠨ 11 ᠠᠴᠠ 14 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠤᠸᠠᠶᠢᠺᠧᠯᠠᠶᠢᠲ᠋ᠢ • ᠵᠠᠺᠧᠯ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠣᠯᠣᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠥᠷᠨᠢᠭᠦᠯᠪᠡ᠃ 6 ᠰᠠᠷ᠎ᠠ ᠶᠢᠨ 11 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠰᠢᠤᠸᠠᠶᠢᠺᠧᠯᠠᠶᠢᠲ᠋ᠢ ᠂  ᠵᠠᠺᠧᠯ ᠲᠠᠢ ᠪᠠᠷᠠᠳᠠᠨ ᠠᠭᠤᠯᠵᠠᠪᠠ᠃    ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ᠃ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠤᠸᠠᠶᠢᠺᠧᠯᠠᠶᠢᠲ᠋ᠢ᠂ ᠵᠠᠺᠧᠯ ᠪᠠᠶᠢᠴᠠᠭᠠᠨ ᠰᠤᠳᠤᠯᠬᠤ ᠳᠤᠭᠤᠶᠢᠯᠠᠩ ᠤᠨ ᠡᠮᠦᠨ᠎ᠡ ᠠᠴᠠ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠰᠠᠶᠢᠨ ᠲᠤᠷᠰᠢᠯᠭ᠎ᠠ ᠰᠠᠶᠢᠨ ᠬᠢᠳᠡᠯ ᠢ ᠭᠦᠢᠴᠡᠳ ᠨᠤᠲᠠᠯᠠᠪᠠ᠃ ᠲᠡᠷᠡ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠡᠯ᠎ᠡ ᠲᠠᠯ᠎ᠠ ᠶᠢᠨ ᠠᠵᠢᠯ ᠢ ᠠᠬᠢᠭᠤᠯᠵᠤ᠂ ᠠᠵᠤ ᠠᠬᠤᠢ ᠬᠥᠭᠵᠢᠭᠰᠡᠨ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠠᠲᠤᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠣᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ ᠲᠡᠷᠡ᠂ ᠦᠨᠳᠦᠰᠦᠲᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠲᠦᠷᠭᠡᠳᠬᠡᠵᠦ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠰᠢᠭᠢᠳᠬᠡᠬᠦ ᠦᠢᠯᠡᠳᠦᠯᠭᠡ ᠶᠢᠨ ᠠᠷᠭ᠎ᠠ ᠵᠠᠮ ᠢ ᠭᠦᠨᠵᠡᠭᠡᠢ ᠥᠷᠭᠡᠳᠬᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠤᠷᠢᠳ ᠬᠤᠵᠢᠳ ᠭᠦᠭᠡᠬᠤᠲᠠ᠂ ᠣᠷᠳᠣᠰ ᠬᠤᠳᠠ᠂ ᠪᠤᠭᠤᠲᠤ ᠬᠤᠳᠠ ᠳᠤ ᠭᠦᠨᠵᠡᠭᠡᠶᠢᠷᠡᠨ ᠬᠤᠯᠪᠣᠭᠳᠠᠯ ᠪᠦᠬᠦᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠪᠠᠷ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃    ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠸᠠᠩ ᡁᠢ ᠮᠢᠨ᠂ ᠬᠤᠸᠠᠩ ᠵᠢᠶᠦ᠋ᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠢᠦᠢ ᠯᠢ ᠰᠢᠨ᠂ ᠠᠢ ᠯᠢ ᠬᠤᠸᠠ᠂ ᠴᠢ᠊ ᠪᠠᠲᠤ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号