ᠰᠢ ᠶᠢᠨ ᠫᠢᠩ ᠡᠨᠡᠳᠬᠡᠭ ᠤᠨ ᠠᠶᠠᠨᠴᠢᠨ ᠤ ᠨᠢᠰᠬᠡᠯ ᠤᠨ ᠠᠳᠡᠯ ᠤᠨ ᠲᠤᠬᠠᠢ ᠡᠨᠡᠳᠬᠡᠭ ᠤᠨ ᠶᠡᠷᠦᠩᠬᠡᠶᠢᠯᠡᠭᠴᠢ ᠮᠦᠷᠮᠦ᠋᠂ ᠶᠡᠷᠦᠩᠬᠡᠢ ᠰᠠᠶᠢᠳ ᠮᠥᠳᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/6/16
   ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ 2025 ᠣᠨ ᠤ 6 ᠳ᠋ᠤᠭᠠᠷ ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠡᠨᠡᠳᠬᠡᠭ ᠤᠨ ᠠᠭᠠᠷ ᠠᠶᠠᠯᠠᠯ ᠤᠨ ᠺᠣᠮᠫᠠᠨᠢ ᠶᠢᠨ ᠠᠶᠠᠨᠴᠢᠨ ᠤ ᠨᠢᠰᠬᠡᠯ ᠤᠨ ᠠᠳᠡᠯ ᠠᠴᠠ ᠪᠣᠯᠵᠤ ᠬᠥᠮᠥᠨ ᠬᠠᠷ᠎ᠠ ᠶᠡᠭᠡ ᠪᠠᠷ ᠠᠳᠡᠵᠦ ᠰᠢᠷᠬᠠᠲᠤᠭᠰᠠᠨ ᠳᠤ ᠡᠨᠡᠳᠬᠡᠭ ᠤᠨ ᠶᠡᠷᠦᠩᠬᠡᠶᠢᠯᠡᠭᠴᠢ ᠮᠦᠷᠮᠦ᠋᠂ ᠶᠡᠷᠦᠩᠬᠡᠢ ᠰᠠᠶᠢᠳ ᠮᠥᠳᠢ ᠳᠤ ᠲᠤᠰ ᠲᠤᠰ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃   ᠰᠢ ᠶᠢᠨ ᠫᠢᠩ ᠢᠯᠡᠷᠬᠡᠶᠢᠯᠡᠬᠦ ᠳᠤ ᠪᠠᠨ᠂ ᠡᠨᠡᠳᠬᠡᠭ ᠤᠨ ᠠᠭᠠᠷ ᠠᠶᠠᠯᠠᠯ ᠤᠨ ᠺᠣᠮᠫᠠᠨᠢ ᠶᠢᠨ ᠨᠢᠭᠡᠨ ᠠᠶᠠᠨᠴᠢᠨ ᠤ ᠨᠢᠰᠬᠡᠯ ᠠᠳᠡᠯ ᠭᠠᠷᠴᠤ᠂ ᠬᠥᠮᠥᠨ ᠬᠠᠷ᠎ᠠ ᠶᠡᠭᠡ ᠪᠠᠷ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠪᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠲᠤ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ ᠶᠢᠨ ᠬᠢᠨ ᠪᠠ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ᠂ ᠰᠢᠷᠬᠠᠲᠤᠭᠰᠠᠳ ᠤᠨ ᠡᠷᠲᠡᠬᠡᠨ ᠡᠷᠡᠭᠦᠯᠵᠢᠬᠦ ᠶᠢ ᠬᠦᠰᠡᠨ ᠵᠥᠩᠨᠡᠵᠦ ᠪᠠᠶᠢᠨ᠎ᠠ ᠭᠡᠪᠡ᠃   ᠮᠥᠨ ᠡᠳᠦᠷ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠮᠦᠳᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号