ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠳᠤᠮᠳᠠᠳᠤ ᠤᠯᠤᠰ ︵ᠱᠠᠩᠬᠠᠢ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠬᠠᠭᠤᠯᠪᠤᠷᠢᠯᠠᠨ ᠳᠡᠯᠭᠡᠷᠡᠭᠦᠯᠬᠦ ᠠᠵᠢᠯ ᠢ ᠪᠠᠶᠢᠷᠢᠯᠠᠭᠤᠯᠵᠤ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠪᠠ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠬᠢᠭᠤᠯᠬᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠨ ᠶᠠᠷᠢᠯᠴᠠᠵᠤ ︽ᠢᠲᠡᠭᠡᠮᠵᠢ ᠶᠢ ᠰᠡᠷᠭᠦᠭᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ
ᠨᠡᠶᠢᠲᠡᠯᠡᠭᠰᠡᠨ ᠴᠠᠭ᠄
2025/6/16
   ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 13 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠰᠠᠷ᠎ᠠ ᠶᠢᠨ 13 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ︵ᠱᠠᠩᠬᠠᠢ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠪᠠᠶᠢᠷᠢᠯᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠪᠠ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠬᠢᠭᠤᠯᠬᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠢᠲᠡᠭᠡᠮᠵᠢ ᠶᠢ ᠰᠡᠷᠭᠦᠭᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠢᠯᠢᠳᠡᠭᠵᠢᠬᠦᠯᠬᠦ ᠶᠢ ᠰᠤᠳᠤᠯᠪᠠ᠃    ᠬᠤᠷᠠᠯ ᠠᠴᠠ᠂ ᠳᠤᠮᠳᠠᠳᠤ ᠤᠯᠤᠰ ︵ᠱᠠᠩᠬᠠᠢ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠤᠨ ᠲᠤᠷᠰᠢᠯᠲᠠ ᠶᠢᠨ ᠴᠡᠭ ᠤᠨ ᠲᠤᠷᠰᠢᠯᠭ᠎ᠠ ᠲᠠᠢ ᠪᠦᠬᠦ ᠲᠠᠯ᠎ᠠ ᠪᠠᠷ ᠵᠣᠯᠭᠠᠭᠤᠯᠵᠤ᠂ ᠳᠦᠷᠢᠮ ᠤᠨ ᠰᠢᠨ᠎ᠡ ᠶᠢ ᠡᠭᠦᠳᠦᠭᠰᠡᠨ ᠠᠰᠢᠭ ᠣᠯᠵᠠᠪᠤᠷᠢ ᠶᠢ ᠨᠡᠩ ᠶᠡᠭᠡ ᠬᠡᠪᠴᠢᠶ᠎ᠡ ᠪᠠᠷ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠪᠠᠴᠢᠮ ᠬᠡᠷᠡᠭᠰᠡᠬᠦ ᠲᠤᠷᠰᠢᠯᠲᠠ ᠶᠢᠨ ᠴᠢᠭ ᠤᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠷᠰᠢᠯᠲᠠ ᠶᠢᠨ ᠴᠢᠭ ᠤᠨ ᠪᠤᠰᠤᠳ ᠠᠷᠭ᠎ᠠ ᠬᠡᠮᠵᠢᠶ᠎ᠡ ᠯᠦᠭᠡ ᠬᠠᠷᠢᠯᠴᠠᠨ ᠵᠣᠬᠢᠴᠠᠯᠳᠤᠵᠤ᠂ ᠬᠠᠷᠢᠯᠴᠠᠨ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ ᠤᠨ ᠬᠡᠯᠪᠡᠷᠢ ᠶᠢᠨ ᠨᠡᠭᠡᠭᠡᠯᠲᠡᠲᠦ ᠲᠤᠷᠰᠢᠯᠲᠠ ᠶᠢ ᠨᠡᠩ ᠶᠡᠭᠡ ᠡᠷᠴᠢᠮ ᠢᠶᠠᠷ ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃     ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ᠂ ᠡᠷᠡᠭᠦᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠯᠤᠰ ᠬᠡᠳᠦ ᠶᠢ ᠪᠣᠳᠣᠯᠬᠢᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠬᠤ ᠬᠡᠷᠡᠭᠲᠡᠢ᠃ ︽ᠰᠠᠶᠢᠨ ᠭᠡᠷ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠶᠢᠨ ᠲᠣᠭᠲᠠᠴᠠ ᠶᠢ ᠰᠢᠨᠡᠳᠬᠡᠬᠦ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠳᠤ ᠣᠷᠣᠭᠤᠯᠵᠤ᠂ ᠲᠥᠯᠥᠪᠵᠢᠭᠦᠯᠭᠡ᠂ ᠭᠠᠵᠠᠷ ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠪᠦᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠢᠭᠡᠨᠲᠡ ᠬᠠᠩᠭᠠᠭᠰᠠᠨ ᠭᠠᠵᠠᠷ ᠰᠢᠷᠣᠢ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠶᠢᠳᠠᠯ ᠢ ᠣᠶᠢᠯᠠᠭᠠᠵᠤ᠂ ᠣᠳᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠰᠢᠰᠲ᠋ᠧᠮᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠢᠱᠢᠯᠲᠡ ᠶᠢ ᠲᠣᠭᠲᠠᠪᠤᠷᠢᠵᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠵᠦ᠂ ᠬᠠᠩᠭᠠᠯᠭ᠎ᠠ ᠶᠢ ᠰᠢᠯᠢᠳᠡᠭᠵᠢᠭᠦᠯᠵᠦ᠂ ᠲᠦᠭᠰᠢᠭᠦᠷᠢ ᠶᠢ ᠠᠷᠢᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠭᠤᠨ ᠪᠠᠶᠢᠯᠭᠠᠬᠤ ᠶᠢ ᠨᠡᠩ ᠶᠡᠭᠡ ᠡᠷᠴᠢᠮ ᠢᠶᠠᠷ ᠠᠬᠢᠭᠤᠯᠬᠤ ᠬᠡᠷᠡᠭᠲᠡᠢ᠃    ᠬᠤᠷᠠᠯ ᠠᠴᠠ᠂ ᠨᠢᠭᠡᠳᠦᠯᠲᠡᠢ ᠵᠢᠷᠤᠮᠵᠢᠭᠰᠠᠨ᠂ ᠬᠠᠮᠵᠢᠯᠴᠠᠨ ᠬᠠᠮᠲᠤᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠨᠡᠩ ᠰᠠᠶᠢᠲᠤᠷ ᠬᠠᠪᠰᠤᠷᠴᠤ ᠢᠲᠡᠭᠡᠮᠵᠢ ᠶᠢ ᠳᠠᠬᠢᠨ ᠴᠣᠭᠴᠠᠯᠠᠬᠤ ᠬᠡᠷᠡᠭᠲᠡᠢ᠃ ᠵᠠᠰᠠᠨ ᠰᠡᠷᠭᠦᠭᠡᠬᠦ ᠳᠦᠷᠢᠮ ᠢ ᠨᠢᠭᠡᠳᠬᠡᠵᠦ᠂ ᠬᠢᠷᠢ ᠭᠡᠮ ᠢ ᠬᠢᠨᠠᠨ ᠪᠠᠶᠢᠴᠠᠭᠠᠬᠤ᠂ ᠶᠠᠪᠤᠴᠠ ᠳᠤ ᠬᠢᠨᠠᠯᠲᠠ ᠲᠠᠯᠪᠢᠬᠤ᠂ ᠦᠷ᠎ᠡ ᠳ᠋ᠦᠩ ᠢ ᠮᠠᠭᠠᠳᠯᠠᠨ ᠲᠣᠭᠲᠠᠭᠠᠬᠤ ᠵᠡᠷᠭᠡ ᠭᠤᠭᠴᠤᠭ᠎ᠠ ᠶᠢᠨ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠬᠦ ᠬᠡᠷᠡᠭᠲᠡᠢ᠃ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠡᠪᠴᠢᠶ᠎ᠡ᠂ ᠠᠷᠭ᠎ᠠ ᠬᠡᠯᠪᠡᠷᠢ᠂ ᠳᠠᠪᠲᠠᠮᠵᠢ ᠶᠢ ᠲᠦᠷᠭᠡᠨ ᠲᠣᠳᠣᠷᠬᠠᠶᠢᠯᠠᠵᠤ᠂ ᠬᠠᠮᠢᠶ᠎ᠠ ᠪᠦᠬᠦᠢ ᠬᠦᠷᠢᠶᠡᠨ ᠤ ᠨᠡᠶᠢᠭᠡᠮ ᠤᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠦᠯᠢᠶᠡᠨ ᠠᠪᠴᠤ ᠰᠢᠢᠳᠪᠦᠷᠢᠯᠡᠬᠦ᠂ ᠬᠠᠷᠢᠭᠤ ᠲᠤᠰᠬᠠᠬᠤ ᠶᠢ ᠰᠢᠨᠡᠳᠬᠡᠬᠦ᠂ ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠠᠵᠢᠯ ᠤᠨ ᠳᠤᠮᠳᠠ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠯᠲᠡ ᠶᠢ ᠴᠢᠩᠭᠠᠳᠬᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠢᠷᠤᠮᠵᠢᠭᠤᠯᠤᠨ ᠳᠦᠷᠢᠮᠵᠢᠭᠦᠯᠦᠨ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃ ︽ᠭᠤᠷᠪᠠᠨ ᠡᠮᠨᠡᠯᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠨᠡᠩ ᠰᠠᠶᠢᠲᠤᠷ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢ᠊ ᠡᠶ᠎ᠡ ᠶᠢᠨ ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠣᠯᠠᠨ ᠲᠦᠮᠡᠨ ᠤ ᠣᠯᠠᠨ ᠡᠰᠢᠵᠢᠭᠰᠡᠨ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠯᠲᠡ ᠶᠢᠨ ᠪᠦᠬᠦ ᠬᠡᠯᠬᠢᠶᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠤᠷᠢᠶᠠᠮᠠᠯ ᠡᠮ ᠤᠨ ᠶᠠᠰᠤ ᠴᠢᠨᠠᠷ ᠪᠠ ᠡᠮᠴᠢᠯᠡᠭᠡᠨ ᠤ ᠲᠤᠰᠠ ᠶᠢᠨ ᠨᠢᠭᠡᠳᠦᠯᠲᠦ ᠴᠢᠨᠠᠷᠲᠠᠢ ᠦᠨᠡᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ ᠡᠮ ᠬᠡᠷᠡᠭᠯᠡᠬᠦ ᠶᠢ ᠰᠠᠨᠠᠭ᠎ᠠ ᠠᠮᠤᠷ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号