ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 15 ᠤ ᠴᠠᠭᠢᠯᠭᠠᠨ ᠮᠡᠳᠡᠭᠡ 6 ᠰᠠᠷ᠎ᠠ ᠶᠢᠨ 16 ᠤ ᠡᠳᠦᠷ | ᠬᠡᠪᠯᠡᠭᠳᠡᠭᠰᠡᠨ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ | ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠠᠷᠭ᠎ᠠ ᠭᠡᠯᠪᠡᠷᠢ | ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2015 ᠣᠨ ᠤ | 10 ᠰᠠᠷ᠎ᠠ ᠠᠴᠠ 2025 ᠣᠨ ᠤ 4 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ | ᠥᠭᠦᠯᠡᠯᠲᠡ ᠶᠢᠨ ᠬᠡᠰᠡᠭᠯᠡᠯ ᠪᠣᠯᠣᠨ᠎ᠠ᠃ | ᠵᠣᠬᠢᠶᠠᠯ ᠳᠤ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ | ᠬᠡᠷᠡᠭᠵᠢᠭᠦᠯᠬᠦ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠲᠤᠷᠰᠢᠯᠭ᠎ᠠ ᠮᠥᠨ᠂ ᠪᠠᠰᠠ ᠴᠤ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠴᠢᠬᠤᠯᠠ ᠤᠯᠤᠰ ᠲᠦᠷᠦ ᠶᠢᠨ ᠳᠠᠪᠠᠭᠤᠯᠢᠭ ᠮᠥᠨ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠠᠨ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠳᠤᠷᠠᠳᠪᠠ᠃ ᠠᠩᠬᠠᠳᠤᠭᠠᠷ ᠲᠠᠪᠤᠨ ᠵᠢᠯ ᠤᠨ ᠲᠥᠯᠥᠪᠯᠡᠭᠡ ᠠᠴᠠ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠬᠦᠷᠲᠡᠯᠡᠬᠢ ᠢᠮᠠᠭᠲᠠ ᠲᠤᠭᠤᠰᠢᠯᠠᠭᠤᠯᠬᠤ ᠭᠤᠣᠯ ᠰᠡᠳᠦᠪ ᠪᠣᠯ ᠮᠠᠨ ᠤ | ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ | ᠬᠦ ᠶᠠᠪᠤᠴᠠ ᠳᠤ᠂ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠲᠤᠬᠠᠢ | ᠲᠠᠨᠢᠯᠲᠠ ᠶᠢᠨ ᠲᠠᠯ᠎ᠠ ᠪᠠᠷ ᠲᠠᠰᠤᠷᠠᠯᠳᠠ ᠦᠭᠡᠢ ᠭᠦᠨᠵᠡᠭᠡᠶᠢᠷᠡᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠳᠠ | ᠦᠭᠡᠢ ᠪᠣᠯᠪᠠᠰᠤᠷᠠᠩᠭᠤᠢ ᠪᠣᠯᠵᠤ᠂ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠵᠤ᠂ ᠮᠠᠨ ᠤ ᠤᠯᠤᠰ ᠤᠨ | ᠣᠳᠣᠬᠢᠴᠢᠯᠠᠯᠲᠠ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠣᠯᠣᠨ ᠴᠢᠬᠤᠯᠠ ᠶᠡᠭᠡ | ᠵᠠᠷᠴᠢᠮ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠬᠠᠮᠤᠭ ᠤᠨ ᠳᠡᠭᠡᠳᠦ ᠦᠵᠦ ᠲᠥᠯᠥᠪᠯᠡᠭᠡ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠱᠠᠲᠤ | ᠦᠶ᠎ᠡ ᠬᠤᠪᠢᠶᠠᠵᠤ᠂ ᠬᠦᠷᠢᠶ᠎ᠡ ᠴᠠᠷᠠᠭ᠎ᠠ ᠬᠤᠪᠢᠶᠠᠵᠤ ᠠᠬᠢᠭᠤᠯᠤᠭᠰᠠᠨ ᠶᠤᠮ᠂ ᠡᠯ᠎ᠡ ᠱᠠᠲᠤ ᠦᠶ᠎ᠡ ᠶᠢᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠬᠦ᠂ ᠡᠯ᠎ᠡ ᠬᠦᠷᠢᠶᠡᠨ ᠳᠠᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ | ᠠᠳᠠᠯᠢᠬᠠᠨ ᠦᠵᠦ ᠲᠥᠯᠥᠪᠯᠡᠭᠡ ᠬᠢᠬᠦ ᠴᠢᠬᠤᠯᠠᠲᠠᠢ ᠶᠤᠮ᠃ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ | ᠨᠡᠪᠲᠡ ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠲᠣᠭᠲᠠᠭᠠᠭᠰᠠᠨ ᠲᠥᠯᠦᠪᠵᠢᠭᠦᠯᠭᠡ | ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠳᠤ ᠴᠠᠭ ᠦᠶᠡᠴᠢ ᠴᠢᠨᠠᠷ ᠢ ᠢᠯᠡᠷᠡᠭᠦᠯᠦᠨ᠂ ᠵᠢᠮ᠎ᠡ ᠶᠣᠰᠣᠴᠢ ᠴᠢᠨᠠᠷ ᠢ | ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠯᠭᠠᠵᠤ᠂ ᠬᠤᠯᠠ ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ | ᠱᠠᠲᠤ ᠲᠤᠭᠤᠰᠢᠲᠠᠢ ᠭᠦᠢᠴᠡᠳᠬᠡᠵᠦ᠂ ᠠᠭᠤᠯᠭ᠎ᠠ ᠶᠢ ᠵᠣᠬᠢᠴᠠᠯᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ | ᠲᠡᠮᠡᠴᠡᠬᠦ ᠬᠠᠷᠠᠯᠲᠠ ᠮᠥᠨ᠂ ᠠᠷᠠᠳ ᠲᠦᠮᠡᠨ ᠤ ᠢᠲᠡᠭᠡᠯ ᠪᠣᠯᠣᠨ ᠳᠡᠮᠵᠢᠯᠭᠡ ᠪᠣᠯ ᠳᠠᠷᠤᠢ ᠮᠠᠨ ᠤ ᠤᠯᠤᠰ ᠤᠨ ᠡᠷᠡᠯᠬᠡᠭᠯᠡᠨ | ᠤᠷᠤᠭᠰᠢᠯᠠᠬᠤ ᠬᠦᠴᠦᠨ ᠮᠥᠨ᠃ ᠰᠠᠶᠢᠨ ᠴᠢᠭᠯᠡᠯᠲᠡ ᠲᠦᠷᠦ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠨᠢ | ᠴᠥᠮ ᠠᠷᠠᠳ ᠲᠦᠮᠡᠨ ᠤ ᠬᠦᠰᠡᠯ ᠰᠠᠨᠠᠯ ᠲᠠᠢ ᠵᠣᠬᠢᠴᠠᠵᠤ᠂ ᠠᠷᠠᠳ ᠲᠦᠮᠡᠨ ᠤ ᠬᠦᠰᠡᠯ ᠪᠤᠳᠤᠯ ᠳᠤ ᠨᠡᠶᠢᠴᠡᠵᠦ᠂ ᠤᠯᠠᠨ | ᠲᠦᠮᠡᠨ ᠤ ᠳᠤᠮᠳᠠ ᠠᠴᠠ ᠢᠷᠡᠵᠤ᠂ ᠤᠯᠠᠨ ᠲᠦᠮᠡᠨ ᠤ ᠳᠤᠮᠳᠠ ᠣᠴᠢᠬᠤ ᠬᠡᠷᠡᠭᠲᠡᠢ᠃ ᠲᠠᠪᠤᠨ ᠵᠢᠯ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ | ᠬᠤᠯᠪᠣᠭᠳᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠵᠤ ᠪᠠᠶᠢᠳᠠᠭ ᠪᠣᠯᠬᠤᠷ ᠦᠵᠦ | ᠲᠥᠯᠥᠪᠯᠡᠭᠡ ᠶᠢ ᠴᠢᠩᠭᠠᠳᠬᠠᠬᠤ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠬᠡᠵᠦ᠂ ᠨᠡᠶᠢᠭᠡᠮ ᠤᠨ | ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ | ᠲᠤᠷᠰᠢᠯᠭ᠎ᠠ ᠶᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠭᠦᠢᠴᠡᠳ ᠰᠢᠩᠭᠡᠬᠡᠨ ᠣᠷᠣᠭᠤᠯᠬᠤ | ᠴᠢᠬᠤᠯᠠᠲᠠᠢ ᠶᠤᠮ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠳᠤ᠂ ᠡᠷᠬᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠱᠠᠲᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠨᠢᠭᠡ ᠨᠢᠭᠡ ᠬᠦᠷᠢᠶ᠎ᠡ ᠪᠠᠷ ᠬᠠᠷᠠᠯᠲᠠ ᠡᠭᠦᠷᠭᠡ ᠶᠢ ᠵᠣᠬᠢᠰᠲᠠᠢ ᠲᠣᠭᠲᠠᠭᠠᠵᠤ᠂ | ᠰᠡᠳᠬᠢᠴᠡ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠡᠯ᠎ᠡ ᠲᠠᠯ᠎ᠠ ᠶᠢᠨ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ | ᠨᠤᠲᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠵᠠᠩᠭᠢᠯᠠᠭ᠎ᠠ ᠶᠢᠨ ᠴᠢᠨᠠᠷᠲᠠᠢ᠂ | ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠠᠶᠢᠵᠠᠮ ᠪᠣᠯᠣᠨ ᠠᠬᠢᠴᠠ ᠶᠢ ᠰᠠᠶᠢᠲᠤᠷ ᠡᠵᠡᠮᠳᠡᠵᠦ᠂ | ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠬᠦ᠂ ᠪᠣᠭᠤᠮᠢ ᠲᠦᠭᠵᠢᠷᠡᠯ ᠢ ᠰᠢᠪᠲᠤᠯᠬᠤ᠂ ᠳᠤᠲᠠᠭᠤᠳᠠᠯ ᠪᠠᠭᠤᠷᠠᠢ ᠲᠠᠯ᠎ᠠ ᠪᠠᠨ | ᠨᠥᠬᠦᠪᠦᠷᠢᠯᠡᠨ ᠴᠢᠩᠭᠠᠳᠬᠠᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠪᠦᠬᠦᠯᠢ | ᠴᠣᠭᠴᠠ ᠶᠢᠨ ᠬᠠᠷᠠᠯᠲᠠ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ | ᠣᠷᠣᠨ ᠤ ᠪᠠᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠦᠨᠡᠨ ᠠᠴᠠ ᠵᠥᠪ ᠢ ᠡᠷᠢᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠦᠴᠦᠨ ᠪᠣᠯᠣᠨ ᠨᠠᠶᠢᠳᠠᠪᠤᠷᠢᠵᠢᠭᠤᠯᠬᠤ | ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ |