ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠭᠰᠲ᠋ᠠᠨ ᠤ ᠶᠡᠷᠦᠩᠬᠡᠶᠢᠯᠡᠭᠴᠢ | ᠲᠦᠸᠧᠺᠠᠶᠧᠹ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ | ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠺᠠᠽᠠᠭᠰᠲ᠋ᠠᠨ ᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ | ᠰᠢᠯᠭᠠᠯᠲᠠ ᠶᠢ ᠲᠤᠭᠤᠯᠵᠤ᠂ ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠭᠠᠷ ᠢᠷᠡᠵᠠᠢ᠂ ᠡᠨᠡ ᠨᠢ | ᠠᠭᠤᠯᠠ ᠤᠰᠤ ᠪᠠᠷ ᠢᠶᠠᠨ ᠵᠠᠯᠭᠠᠯᠳᠤᠭᠰᠠᠨ ᠭᠠᠵᠠᠷ ᠣᠷᠣᠨ ᠤ ᠳᠠᠪᠠᠭᠤᠯᠢᠭ ᠪᠣᠯᠤᠨ ᠦᠶ᠎ᠡ ᠶᠢᠨ ᠦᠶ᠎ᠡ ᠳᠡᠭᠡᠨ ᠨᠥᠬᠦᠷᠰᠡᠭ | ᠪᠠᠶᠢᠭᠰᠠᠨ ᠲᠡᠦᠬᠡ ᠶᠢᠨ ᠤᠯᠠᠮᠵᠢᠯᠠᠯ ᠠᠴᠠ ᠪᠣᠯᠤᠭᠰᠠᠨ ᠶᠤᠮ᠂ ᠪᠠᠰᠠ ᠴᠤ ᠬᠤᠶᠠᠷ ᠤᠯᠤᠰ ᠤᠨ ᠬᠠᠮᠲᠤ ᠪᠠᠷ | ᠬᠥᠭᠵᠢᠯᠲᠡ ᠶᠢ ᠡᠷᠢᠯᠬᠢᠯᠡᠬᠦ ᠵᠠᠶᠢᠯᠠᠰᠢ ᠦᠭᠡᠢ ᠰᠣᠩᠭᠤᠯᠲᠠ ᠪᠣᠯᠤᠨ᠎ᠠ᠃ ᠤᠢᠢᠷ᠎ᠠ ᠶᠢᠨ ᠵᠢᠯ ᠠᠴᠠ᠂ ᠪᠢᠳᠡᠨ ᠤ ᠬᠠᠮᠲᠤ ᠶᠢᠨ | ᠵᠢᠷᠤᠭ ᠲᠦᠯᠦᠪᠯᠡᠭᠡ ᠳᠣᠣᠷ᠎ᠠ᠂ ᠳᠤᠮᠳᠠᠳᠤ ᠺᠠᠽᠠᠭᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠶᠠᠰᠤ ᠴᠢᠨᠠᠷ | ᠨᠡᠩ ᠭᠦᠢᠴᠡᠳ᠂ ᠠᠭᠤᠯᠤᠭᠳᠠᠬᠤᠨ ᠨᠡᠩ ᠪᠠᠶᠠᠯᠢᠭ ᠪᠤᠯᠵᠤ᠂ ᠦᠨᠡᠨ ᠪᠣᠳᠠᠲᠠᠢ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠤᠶᠠᠷ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ | ᠲᠦᠷᠦᠭᠳᠡᠯ ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ | ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠭᠰᠲ᠋ᠠᠨ ᠤ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ | ᠺᠠᠽᠠᠭᠰᠲ᠋ᠠᠨ ᠤ ᠬᠢᠨ ᠲᠠᠢ ᠬᠠᠮᠲᠤ ᠪᠠᠷ ᠳᠤᠮᠳᠠᠳᠤ ᠺᠠᠽᠠᠭᠰᠲ᠋ᠠᠨ ᠤ ᠨᠥᠬᠦᠷᠯᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ | ᠳᠤᠮᠳᠠᠳᠤ ᠺᠠᠽᠠᠭᠰᠲ᠋ᠠᠨ ᠤ ᠬᠠᠷᠢᠯᠴᠠᠭᠠᠨ ᠤ ᠲᠣᠭᠲᠠᠭᠤᠨ ᠴᠢᠨᠠᠷ ᠪᠣᠯᠤᠨ ᠢᠳᠡᠪᠬᠢ ᠬᠦᠴᠦᠨ ᠢᠶᠠᠷ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠠᠽᠠᠭᠰᠲ᠋ᠠᠨ ᠴᠦᠮ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ | ᠱᠠᠲᠤᠨ ᠳᠤ ᠣᠷᠣᠰᠢᠵᠤ ᠪᠤᠢ᠂ ᠬᠤᠶᠠᠷ ᠤᠯᠤᠰ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠦᠬᠦ | ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠨᠢᠭᠡ ᠳᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ | ᠢᠲᠡᠭᠡᠯᠴᠡᠭᠡ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠬᠦᠳᠦᠯᠥᠨ ᠳᠠᠭᠠᠭᠤᠯᠵᠤ᠂ ᠲᠤᠰ ᠲᠤᠰ ᠤᠨ | ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ | ᠬᠠᠷᠢᠯᠴᠠᠨ ᠡᠷᠡᠰ ᠲᠡᠮᠵᠢᠯᠴᠡᠵᠥ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠶᠢ ᠠᠬᠢᠭᠤᠯᠵᠤ᠂ | ᠤᠷᠪᠠᠭᠠᠨ ᠬᠥᠷᠪᠡᠭᠡᠨ ᠤ ᠳᠤᠮᠳᠠ ᠲᠤᠰ ᠲᠤᠰ ᠤᠨ ᠢᠶᠠᠨ ᠪᠠᠲᠤ ᠴᠢᠩᠭ᠎ᠠ ᠥᠮᠥᠭ ᠲᠦᠰᠢᠭ ᠪᠤᠯᠵᠤ᠂ ᠬᠥᠭᠵᠢᠨ ᠮᠠᠨᠳᠤᠬᠤ | ᠳᠤᠮᠳᠠ ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠤᠯᠤᠯᠴᠠᠶᠠ᠃ ᠬᠤᠶᠠᠷ ᠲᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠵᠤ ᠬᠤᠶᠠᠷ ᠤᠯᠤᠰ ᠤᠨ ᠬᠠᠮᠲᠤᠷᠠᠯᠴᠠᠭᠠᠨ ᠤ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠷᠠᠯᠵᠢᠶ᠎ᠠ᠂ ᠪᠠᠯᠠ ᠣᠷᠣᠭᠤᠯᠤᠯᠲᠠ᠂ ᠡᠨᠧᠷᠭᠢ ᠵᠡᠷᠭᠡ | ᠤᠯᠠᠮᠵᠢᠯᠠᠯᠲᠤ ᠬᠠᠮᠲᠤᠷᠠᠯᠴᠠᠭᠠᠨ ᠤ ᠳᠠᠪᠠᠭᠤᠯᠢᠭ ᠢᠶᠠᠨ ᠪᠠᠬᠢᠵᠢᠭᠦᠯᠵᠦ᠂ ᠬᠢᠯᠢ ᠠᠯᠤᠰᠯᠠᠭᠰᠠᠨ ᠲᠡᠮᠦᠷ ᠵᠠᠮ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠪᠣᠯᠤᠨ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ | ᠥᠭᠡᠷᠡᠴᠢᠯᠡᠯᠲᠡ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠭᠡᠵᠦ᠂ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ᠃ | ᠭᠤᠷᠪᠠ ᠳᠤ᠂ ᠪᠦᠬᠦ ᠲᠠᠯ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠷ ᠬᠤᠶᠠᠷ ᠤᠯᠤᠰ ᠤᠨ ᠡᠩᠬᠡ ᠲᠠᠶᠢᠪᠤᠩ ᠠᠮᠤᠷ | ᠲᠣᠭᠲᠠᠭᠤᠨ ᠢ ᠬᠠᠮᠠᠭᠠᠯᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠤᠨ ᠰᠡᠷᠭᠡᠶᠢᠯᠡᠯᠲᠡ ᠶᠢᠨ ᠠᠵᠢᠯ ᠤᠨ | ᠰᠣᠯᠢᠯᠴᠠᠭ᠎ᠠ ᠪᠠᠨ ᠥᠷᠭᠡᠳᠭᠡᠵᠦ᠂ ︽ᠭᠤᠷᠪᠠᠨ ᠵᠦᠢᠯ ᠤᠨ ᠬᠦᠴᠦᠨ︾ ᠳᠤ ᠬᠠᠮᠲᠤ ᠪᠠᠷ ᠴᠣᠬᠢᠯᠲᠠ ᠥᠭᠴᠦ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠶᠠ᠃ ᠲᠦᠷᠪᠡ ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠳᠤᠮᠳᠠᠳᠤ | ᠺᠠᠽᠠᠭᠰᠲ᠋ᠠᠨ ᠤ ᠨᠥᠬᠦᠷᠯᠡᠯ ᠤᠨ ᠰᠠᠭᠤᠷᠢ ᠶᠢ ᠪᠠᠬᠢᠵᠢᠭᠦᠯᠵᠦ᠂ ᠺᠠᠽᠠᠭᠰᠲ᠋ᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ | ᠣᠨ︾ ᠢ ᠰᠠᠶᠢᠲᠤᠷ ᠡᠷᠬᠢᠯᠡᠵᠤ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ᠂ ᠣᠷᠣᠨ ᠨᠤᠲᠤᠭ ᠤᠨ ᠬᠢᠨ ᠤ | ᠰᠣᠯᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠺᠠᠽᠠᠭᠰᠲ᠋ᠠᠨ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ | ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠺᠠᠽᠠᠭᠰᠲ᠋ᠠᠨ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠶᠡᠭᠡ ᠬᠡᠮᠵᠢᠶᠡᠨ ᠤ ᠪᠡᠯᠡᠳᠭᠡᠯ ᠠᠵᠢᠯ | ᠬᠢᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ ᠡᠨᠡ ᠤᠳᠠᠭ᠎ᠠ ᠶᠢᠨ ᠬᠤᠷᠠᠯ ᠨᠢ ᠳᠤᠮᠳᠠᠳᠤ | ᠤᠯᠤᠰ ᠪᠣᠯᠤᠨ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ᠃ | ᠡᠭᠦᠨ ᠤ ᠬᠠᠮᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ | ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠬᠦᠨ ᠤᠯᠤᠰ ᠲᠠᠢ ᠬᠠᠮᠲᠤ ᠪᠠᠷ᠂ ᠡᠨᠡ ᠵᠢᠯ ᠤᠨ | ᠲᠢᠶᠠᠨᠵᠢᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ | ᠳᠦᠷᠰᠦ ᠪᠠᠶᠢᠳᠠᠯ ᠢ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃ | ᠲᠦᠸᠧᠺᠠᠶᠧᠹ᠂ ᠳᠤᠮᠳᠠᠳᠤ ᠤᠯᠤᠰ ᠪᠣᠯ ᠺᠠᠽᠠᠭᠰᠲ᠋ᠠᠨ ᠤ ᠨᠥᠬᠦᠷᠰᠡᠭ ᠬᠥᠷᠰᠢ᠂ ᠳᠣᠲᠣᠨᠣ ᠨᠠᠶᠢᠵᠠ ᠪᠠ ᠨᠠᠶᠢᠳᠠᠪᠤᠷᠢᠳᠠᠢ | ᠬᠠᠨᠢᠲᠠᠨ ᠮᠥᠨ᠃ ᠺᠠᠽᠠᠭᠰᠲ᠋ᠠᠨ ᠳᠤᠮᠳᠠᠳᠤ ᠶᠢᠨ ᠥᠨᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ | ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ ᠳᠤ ᠣᠷᠣᠵᠤ᠂ ᠬᠤᠶᠠᠷ ᠤᠯᠤᠰ ᠤᠨ ᠠᠵᠤ ᠠᠬᠤᠢ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠶᠢᠨ ᠠᠷᠠᠳ ᠲᠦᠮᠡᠨ ᠳᠤ ᠪᠤᠶᠠᠨ ᠦᠢᠯᠡᠳᠴᠦ᠂ | ᠤᠯᠤᠰ ᠪᠣᠯᠤᠨ ᠤᠯᠤᠰ ᠤᠨ ᠬᠤᠭᠤᠷᠣᠨᠳᠣᠬᠢ ᠬᠠᠷᠢᠯᠴᠠᠭ᠎ᠠ ᠶᠢᠨ ᠬᠡᠪ ᠳᠠᠭᠤᠷᠢᠶᠠᠯ ᠪᠣᠯᠵᠠᠢ᠃ ᠺᠠᠽᠠᠭᠰᠲ᠋ᠠᠨ ᠳᠤᠮᠳᠠᠳᠤ | ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩᠭ᠎ᠠ ᠤᠯᠤᠰ ᠲᠦᠷᠦ ᠶᠢᠨ ᠬᠦᠰᠡᠯ ᠲᠠᠢ ᠶᠤᠮ᠂ ᠡᠷᠬᠡ ᠮᠡᠳᠡᠯ᠂ ᠠᠮᠤᠷ ᠲᠦᠪᠰᠢᠨ | ᠵᠡᠷᠭᠡ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ | ᠲᠡᠮᠵᠢᠯᠴᠠᠵᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠲᠡᠷᠢᠭᠦᠯᠡᠭᠴᠢ ᠰᠢ ᠶᠢᠨ | ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ | ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠤᠯᠪᠠ᠂ ᠡᠬᠦᠨ ᠳᠤ ᠺᠠᠽᠠᠭᠰᠲ᠋ᠠᠨ ᠤ ᠬᠢᠨ ᠴᠢᠩ | ᠰᠡᠳᠭᠢᠯ ᠠᠴᠠ ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠭᠡ ᠬᠥᠭᠵᠢᠯᠲᠡ ᠶᠢᠨ ᠠᠮᠵᠢᠯᠲᠠ | ᠤᠯᠬᠤ ᠶᠢ ᠪᠠᠲᠤ ᠢᠲᠡᠭᠡᠵᠦ ᠪᠠᠶᠢᠨ᠎ᠠ᠃ ᠺᠠᠽᠠᠭᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ | ᠪᠤᠳᠤᠯᠭ᠎ᠠ ᠶᠢᠨ ᠢᠲᠡᠭᠡᠯᠴᠡᠭᠡ ᠪᠣᠯᠤᠨ ᠪᠦᠬᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠨ᠎ᠡ᠃ ᠬᠤᠶᠠᠷ ᠤᠯᠤᠰ ᠢᠶᠠᠷ ᠢᠶᠠᠨ ︽ᠨᠢᠭᠡ ᠪᠦᠰᠡ | ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠳᠦᠬᠡᠨ ᠪᠠᠶᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ | ᠦᠢᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠭᠡᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠤᠶ᠎ᠠ᠃ ᠺᠠᠽᠠᠭᠰᠲ᠋ᠠᠨ ᠤ ᠬᠢᠨ ᠳᠤᠮᠳᠠᠳᠤ ᠤᠯᠤᠰ ᠤᠨ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠭᠦᠷᠭᠡᠯᠡᠯ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠵᠡᠷᠭᠡ ᠪᠠᠷ | ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠎ᠠ ᠤᠯᠤᠰ ᠤᠳ᠂ ᠳᠤᠮᠳᠠᠳᠤ ᠤᠯᠤᠰ | — ᠳᠤᠮᠳᠠ ᠠᠽᠢᠶ᠎ᠠ ᠶᠢᠨ ᠲᠣᠭᠲᠠᠴᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ | ᠬᠡᠮᠵᠢᠶ᠎ᠡ ᠶᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ ᠳᠤ ᠦᠷᠭᠦᠯᠵᠢᠯᠡᠨ ᠨᠢᠭᠲᠠ ᠬᠠᠮᠲᠤᠷᠠᠯᠴᠠᠵᠤ᠂ ᠬᠠᠷᠢᠯᠴᠠᠨ | ᠲᠡᠮᠵᠢᠵᠥ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ | ᠬᠥᠭᠵᠢᠬᠦ ᠶᠢ ᠠᠬᠢᠭᠤᠯᠤᠨ᠎ᠠ ᠭᠡᠵᠤ ᠢᠯᠡᠳᠭᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ᠂ ᠪᠡᠯᠡ | ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ | ᠬᠦᠷᠢᠶ᠎ᠡ ᠶᠢ ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ | ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠡᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠬᠢᠯᠭᠠᠨ ᠮᠡᠳᠡᠭᠡ︶ |