ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠦᠭᠡ ᠬᠡᠯᠡᠪᠡ
ᠨᠡᠶᠢᠲᠡᠯᠡᠭᠰᠡᠨ ᠴᠠᠭ᠄
2025/6/18
   ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠪᠠ᠃ ᠤᠯᠤᠰ ᠤᠨ ᠲᠡᠷᠢᠭᠦᠨ ᠨᠠᠷ ᠨᠥᠭᠦᠷᠰᠡᠭ ᠠᠭᠤᠷ ᠠᠮᠢᠰᠬᠤᠯ ᠤᠨ ᠳᠤᠮᠳᠠ ᠰᠢ ᠠᠨ ᠤ ᠲᠦᠷᠦᠭᠦᠴᠦᠳ ᠤᠨ ᠬᠤᠷᠠᠯ ᠠᠴᠠ ᠨᠠᠭᠠᠰᠢᠬᠢ ᠳᠤᠮᠳᠠᠳᠤ ᠤᠯᠤᠰ — ᠳᠤᠮᠳᠠ ᠠᠽᠢᠶ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠡᠷᠭᠢᠴᠡᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠪᠠᠷᠠᠯᠠᠨ ᠂ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠷᠢᠮᠲᠠᠯᠠᠨ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢ ᠭᠠᠷ ᠬᠤᠯᠪᠣᠯᠴᠠᠨ ᠠᠬᠢᠭᠤᠯᠬᠤ ᠪᠠᠷ ᠰᠠᠨᠠᠯ ᠨᠢᠭᠡᠲᠡᠢ ᠲᠣᠭᠲᠠᠪᠠ᠃   ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ ᠳᠠᠷᠠᠭ᠎ᠠ ᠨᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ︽︿ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠪᠡ᠃   ᠰᠢ ᠶᠢᠨ ᠫᠢᠩ᠂ ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠢᠳᠡᠪᠬᠢᠲᠡᠢ ᠠᠬᠢᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ ᠨᠢᠷᠤᠭᠤ ᠲᠤᠯᠭᠠᠭᠤᠷᠢ ᠦᠨᠳᠦᠰᠦᠨ ᠳᠡᠭᠡᠨ ᠪᠦᠷᠢᠯᠳᠦᠵᠦ᠂ ᠬᠠᠮᠲᠤᠷᠠᠯᠴᠠᠭᠠᠨ ᠤ ᠵᠠᠮ ᠶᠠᠪᠤᠬᠤ ᠲᠤᠲᠤᠮ ᠥᠷᠭᠡᠵᠢᠵᠦ᠂ ᠨᠥᠬᠦᠷᠯᠡᠯ ᠤᠨ ᠴᠡᠴᠡᠭ ᠶᠠᠪᠤᠬᠤ ᠲᠤᠲᠤᠮ ᠭᠢᠯᠠᠯᠵᠠᠨ ᠳᠡᠯᠭᠡᠷᠡᠪᠡ ᠭᠡᠵᠦ ᠵᠢᠭᠠᠵᠤ ᠭᠠᠷᠭᠠᠵᠠᠢ᠃   ᠰᠢ ᠶᠢᠨ ᠫᠢᠩ᠂ ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ ᠦᠨᠳᠦᠰᠦᠯᠡᠵᠦ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ ᠠᠬᠢᠭᠤᠯᠬᠤ︾ ᠪᠦᠬᠦᠢ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ ᠪᠦᠷᠢᠯᠳᠦᠭᠦᠯᠪᠡ᠄ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ ᠭᠡᠵᠦ ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠬᠲᠠᠭᠠᠪᠠ︔ ᠢᠲᠡᠭᠡᠯᠴᠡᠭᠡ ᠪᠠᠨ ᠭᠦᠨᠵᠡᠭᠡᠶᠢᠷᠡᠭᠦᠯᠬᠦ᠂ ᠲᠠᠭᠤᠨ ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠦᠯᠤ ᠭᠢᠪᠠ︔ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ ᠤᠷᠢᠳ ᠢᠶᠠᠷ ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ ᠨᠥᠭᠦᠷᠰᠡᠭ ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠦᠶ᠎ᠡ ᠭᠡᠵᠦ ᠴᠢᠬᠤᠯᠠᠴᠢᠯᠠᠵᠠᠢ᠃    ᠰᠢ ᠶᠢᠨ ᠫᠢᠩ᠂ ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠬᠤ ᠦᠭᠡᠢ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃ ᠲᠡᠦᠬᠡ ᠬᠤᠶᠢᠰᠢ ᠤᠬᠤᠷᠢᠵᠤ ᠪᠤᠯᠬᠤ ᠦᠭᠡᠢ᠂ ᠤᠷᠤᠭᠰᠢᠯᠠᠬᠤ ᠭᠡᠷᠡᠭᠲᠡᠢ︔ ᠳᠡᠯᠡᠭᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠤᠭᠢᠨ᠎ᠠ︔ ᠬᠥᠮᠥᠨ ᠲᠥᠷᠥᠯᠬᠢᠲᠡᠨ ᠪᠠᠯᠠᠷ ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠᠯ ᠵᠣᠬᠢᠨ᠎ᠠ᠃ ᠪᠢᠳᠠ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃     ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ ᠳᠤᠮᠳᠠᠳᠤ ᠤᠯᠤᠰ ᠢᠮᠠᠭᠲᠠ ᠳᠤᠮᠳᠠ ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ ᠠᠽᠢᠶ᠎ᠠ ᠶᠢᠨ ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ ᠂ ᠬᠥᠷᠰᠢ ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃ ᠵᠢᠷᠭᠤᠭᠠᠨ ᠤᠯᠤᠰ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ ᠬᠠᠮᠲᠤ ᠪᠠᠷ ᠭᠠᠷ ᠤᠨ ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ ᠴᠠᠭᠠᠵᠠ ᠶᠢᠨ ᠭᠡᠯᠪᠡᠷᠢ ᠪᠠᠷ ᠲᠣᠭᠲᠠᠪᠤᠷᠢᠵᠢᠭᠤᠯᠪᠠ᠂ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ ᠮᠥᠨ᠂ ᠪᠠᠰᠠ ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ ᠮᠥᠨ ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ ᠠᠰᠢᠭ ᠲᠠᠢ ᠶᠤᠮ᠃     ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ ᠲᠣᠭᠲᠠᠪᠠ᠂ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ ᠶᠠᠪᠤᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠤᠷᠭᠠᠨ ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠵᠤ᠂ ᠳᠤᠮᠳᠠ ᠠᠽᠢᠶ᠎ᠠ ᠶᠢᠨ ᠤᠯᠤᠰ ᠤᠳ ᠤᠨ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠶᠢ ᠲᠠᠮᠵᠢᠵᠤ᠂ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃     ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠶ᠎ᠠ᠃ ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ ᠰᠠᠨᠠᠭ᠎ᠠ ᠶᠢ ᠭᠠᠷ ᠬᠤᠯᠪᠣᠯᠴᠠᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ ᠰᠦᠯᠵᠢᠶ᠎ᠡ ᠪᠠ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃     ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ ᠢᠷᠭᠡᠨᠰᠢᠯ ᠤᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠦᠨ᠎ᠡ᠃ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ ᠲᠥᠪ᠂ ᠶᠡᠭᠡ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠵᠤ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠲᠥᠪ ᠠᠴᠠ ᠣᠷᠣᠨ ᠨᠤᠲᠤᠭ ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ ᠪᠦᠰᠡ ᠭᠦᠷᠲᠡᠯ᠎ᠡ ︽ᠰᠡᠳᠬᠢᠯ ᠢᠶᠠᠨ ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃       ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠶ᠎ᠠ᠃ ᠪᠢᠳᠠ ᠭᠠᠷ ᠬᠤᠯᠪᠣᠯᠴᠠᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠢᠳᠡᠪᠬᠢᠲᠡᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ ᠬᠠᠲᠠᠭᠤᠵᠢᠯᠲᠠᠢ ᠲᠠᠶᠢᠨ ᠤ ᠣᠨ ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ ᠳᠡᠮᠵᠢᠯᠴᠡᠵᠦ᠂ ᠪᠠᠶᠠᠷ ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ ᠭᠡᠵᠦ ᠵᠢᠭᠠᠵᠤ ᠭᠠᠷᠭᠠᠵᠠᠢ᠃    ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠲᠤᠮᠳᠠᠳᠤ ᠤᠯᠤᠰ ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠠᠮᠲᠤ ᠪᠠᠷ ᠴᠢᠷᠮᠠᠶᠢᠵᠤ᠂ ᠨᠡᠩ ᠴᠢᠨᠠᠷ ᠰᠠᠶᠢᠲᠠᠢ ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ︕ ᠭᠡᠵᠦ ᠵᠢᠭᠠᠵᠤ ᠭᠠᠷᠭᠠᠪᠠ᠃   ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠵᠡᠷᠭᠡ ᠳᠤᠮᠳᠠ ᠠᠽᠢᠶ᠎ᠠ ᠶᠢᠨ ᠲᠠᠪᠤᠨ ᠤᠯᠤᠰ ᠤᠨ ᠤᠳᠤᠷᠢᠳᠬᠤ ᠬᠥᠮᠥᠰ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠂ ᠳᠤᠮᠳᠠᠳᠤ ᠤᠯᠤᠰ ᠳᠤᠮᠳᠠ ᠠᠽᠢᠶ᠎ᠠ ᠶᠢᠨ ᠤᠯᠤᠰ ᠤᠳ ᠲᠠᠢ ᠪᠦᠭᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠤᠯᠤᠰ ᠲᠤ ᠬᠤᠪᠣᠷ ᠨᠠᠨᠳᠢᠨ ᠬᠥᠭᠵᠢᠯᠲᠡ ᠶᠢᠨ ᠠᠵᠠ ᠲᠣᠭᠢᠶᠠᠯ ᠠᠪᠴᠢᠷᠠᠭᠰᠠᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢᠭᠡᠨᠲᠡ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠ ᠠᠽᠢᠶ᠎ᠠ ᠶᠢᠨ ᠡᠯ᠎ᠡ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠲᠣᠬᠲᠠᠭᠠᠯᠲᠦ ᠪᠤᠰᠤ ᠵᠦᠢᠯ ᠢᠶᠠᠷ ᠲᠦᠭᠦᠷᠡᠭᠰᠡᠨ ᠳᠡᠯᠡᠬᠡᠢ ᠶᠢᠷᠲᠢᠨᠴᠦ ᠳᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠡᠩ ᠲᠣᠪᠤᠶᠢᠮ᠎ᠠ ᠪᠣᠯᠵᠤ᠂ ᠳᠤᠮᠳᠠᠳᠤ ᠤᠯᠤᠰ ᠤᠨ ᠴᠡᠴᠡᠭᠯᠡᠯ ᠬᠥᠭᠵᠢᠯ ᠬᠦᠴᠦᠷᠬᠡᠭ ᠶᠡᠭᠡ ᠨᠢ ᠶᠠᠭ ᠡᠷᠭᠢᠨ ᠲᠣᠭᠤᠷᠢᠨ ᠤ ᠤᠯᠤᠰ ᠤᠳ ᠲᠤ ᠠᠰᠢᠭ ᠬᠦᠷᠲᠡᠭᠡᠵᠦ ᠪᠠᠶᠢᠨ᠎ᠠ᠃ ᠳᠤᠮᠳᠠᠳᠤ ᠤᠯᠤᠰ ᠪᠣᠯ ᠳᠤᠮᠳᠠ ᠠᠽᠢᠶ᠎ᠠ ᠶᠢᠨ ᠡᠯ᠎ᠡ ᠤᠯᠤᠰ ᠤᠨ ᠥᠨᠢ ᠡᠭᠦᠷᠢᠳᠡ ᠢᠲᠡᠭᠡᠵᠦ ᠪᠤᠯᠬᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠵᠢᠩᠬᠢᠨᠢ ᠨᠠᠶᠢᠵᠠ ᠮᠥᠨ᠃ ᠳᠤᠮᠳᠠ ᠠᠽᠢᠶ᠎ᠠ ᠶᠢᠨ ᠡᠯ᠎ᠡ ᠤᠯᠤᠰ ᠳᠤᠮᠳᠠᠳᠤ ᠤᠯᠤᠰ ᠯᠤᠭ᠎ᠠ ᠶᠢᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠵᠠᠭᠪᠤᠷ ᠢ ᠳᠡᠭᠡᠳᠦ ᠬᠡᠮᠵᠢᠶ᠎ᠡ ᠪᠠᠷ ᠨᠠᠨᠳᠢᠩᠨᠠᠵᠤ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠤ᠂ ᠣᠷᠣᠨ ᠪᠦᠰᠡ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ ᠣᠷᠣᠨ ᠪᠦᠰᠡ ᠶᠢᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠪᠣᠯᠭᠠᠨ ᠴᠣᠭᠴᠠᠯᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠵᠦ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠠᠬᠢᠭᠤᠯᠵᠤ᠂ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠡᠯ᠎ᠡ ᠲᠠᠯ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠴᠢᠯᠦᠭᠡᠲᠦ ᠠᠷᠠᠯᠵᠢᠶ᠎ᠠ ᠪᠣᠯᠣᠨ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃   ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ︽ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠠᠰᠲ᠋ᠠᠨᠠ ᠶᠢᠨ ᠲᠤᠩᠬᠠᠭ︾᠂ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ᠂ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ᠂ ᠪᠦᠭᠦᠳᠠ ᠨᠠᠶᠢᠷᠠᠮᠳᠠᠬᠤ ᠲᠠᠵᠢᠺᠰᠲ᠋ᠠᠨ ᠤᠯᠤᠰ᠂ ᠪᠦᠭᠦᠳᠠ ᠨᠠᠶᠢᠷᠠᠮᠳᠠᠬᠤ ᠲᠦᠷᠺᠮᠧᠨ᠋ᠰᠲ᠋ᠠᠨ᠂ ᠪᠦᠭᠦᠳᠠ ᠨᠠᠶᠢᠷᠠᠮᠳᠠᠬᠤ ᠦᠽᠪᠤᠺᠰᠲ᠋ᠠᠨ ᠤᠯᠤᠰ ᠯᠤᠭ᠎ᠠ ᠶᠢᠨ ᠡᠭᠦᠷᠢᠳᠡ ᠶᠢᠨ ᠡᠶᠡᠯᠰᠡᠭ ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠭᠠᠷ ᠤᠨ ᠦᠰᠦᠭ ᠵᠢᠷᠤᠪᠠ᠃    ᠲᠦᠷᠦᠭᠦᠴᠦᠳ ᠤᠨ ᠬᠤᠷᠠᠯ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ᠂ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠳᠪᠦᠷᠢ᠂ ᠪᠣᠭᠤᠮᠲᠠ ᠵᠡᠷᠭᠡ ᠬᠦᠷᠢᠶᠡᠨ ᠤ 12 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠠᠢ ᠭᠡᠵᠦ ᠨᠡᠶᠢᠲᠡᠯᠡᠪᠡ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠲᠠᠪᠤᠨ ᠤᠯᠤᠰ ᠲᠠᠢ ᠤᠯᠠᠨ ᠨᠥᠭᠦᠷᠰᠡᠭ ᠬᠤᠳᠠ ᠶᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠨᠥᠭᠦᠷᠰᠡᠭ ᠬᠤᠳᠠ ᠶᠢᠨ ᠲᠤᠭ᠎ᠠ 100 ᠬᠤᠣᠰ ᠢ ᠳᠠᠪᠠᠪᠠ᠃    ᠰᠢ ᠶᠢᠨ ᠫᠢᠩ ᠪᠠᠰᠠ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠪᠠᠷ ᠳᠤᠮᠳᠠᠳᠤ ᠤᠯᠤᠰ — ᠳᠤᠮᠳᠠ ᠠᠽᠢᠶ᠎ᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭᠠᠨ ᠤ ᠲᠥᠪ᠂ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠤᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ᠡᠯ᠎ᠡ ᠲᠠᠯ᠎ᠠ ᠶᠢᠨ ᠬᠢᠨ ᠳᠤᠮᠳᠠᠳᠤ ᠤᠯᠤᠰ 2027 ᠣᠨ ᠳᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠪᠠᠷ ᠵᠥᠪᠯᠡᠨ ᠲᠣᠭᠲᠠᠪᠠ᠃    ᠲᠤᠰ ᠣᠷᠣᠢ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠤᠯᠤᠰ ᠤᠨ ᠲᠡᠷᠢᠭᠦᠨ ᠢ ᠤᠭᠲᠤᠬᠤ ᠳᠠᠶᠢᠯᠠᠯᠭ᠎ᠠ ᠳᠤ ᠣᠷᠣᠯᠴᠠᠪᠠ᠃   ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号