6 ᠰᠠᠷ᠎ᠠ ᠶᠢᠨ 16 ᠤ ᠡᠳᠦᠷ᠂ ᠬᠤᠶᠠᠷᠰᠤᠮᠤ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠤ ᠭᠤᠸᠠᠩ | ᠡᠷᠬᠢᠯᠡᠵᠦ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ | ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠵᠢᠯ ᠢ ᠨᠠᠷᠢᠨ ᠨᠢᠮᠪᠠᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠠᠭᠤᠷᠢ ᠪᠠᠨ ᠪᠠᠲᠤᠳᠬᠠᠨ ᠳᠤᠲᠠᠭᠤᠳᠠᠯ ᠢᠶᠠᠨ ᠨᠥᠬᠦᠪᠥᠷᠢᠯᠡᠵᠦ᠂ ︽ᠬᠤᠶᠠᠷ ᠲᠤ ᠵᠣᠪᠠᠭ᠋ᠤ | ᠦᠭᠡᠢ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠳᠤ ᠠᠩᠬᠠᠷᠤᠯ ᠢᠶᠠᠨ | ᠲᠥᠪᠯᠡᠷᠡᠭᠦᠯᠵᠦ᠂ ᠬᠦᠷᠢᠶᠡᠨ ᠤ ᠠᠵᠤ ᠠᠬᠤᠢ᠂ ᠣᠷᠣᠯᠠᠨ ᠲᠠᠷᠢᠵᠤ ᠣᠷᠣᠯᠠᠨ ᠲᠠᠷᠢᠬᠤ᠂ ᠲᠥᠷᠥᠯ ᠵᠦᠢᠯ ᠢ | ᠰᠠᠶᠢᠵᠢᠷᠠᠭᠤᠯᠬᠤ᠂ ᠠᠵᠢᠯ ᠬᠢᠵᠦ ᠠᠵᠢᠯ ᠣᠯᠭᠤᠬᠤ ᠵᠡᠷᠭᠡ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠭᠦᠢᠴᠡᠳ ᠠᠰᠢᠭᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ ᠱᠤᠭᠤᠮ ᠢ | ᠪᠠᠲᠤ ᠰᠠᠬᠢᠵᠤ᠂ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ | ᠨᠡᠮᠡᠷᠢᠯᠡᠬᠦ ᠬᠡᠷᠡᠭᠲᠡᠢ᠃ ᠣᠷᠴᠢᠨ ᠲᠣᠭᠤᠷᠢᠨ ᠢ ᠦᠳᠲᠡᠷ ᠲᠦᠷᠭᠡᠨ ᠬᠥᠳᠡᠯᠦᠯᠴᠡᠨ ᠳᠡᠭᠡᠭᠰᠢᠯᠡᠭᠦᠯᠵᠦ᠂ ᠭᠠᠴᠠᠭᠠᠨ ᠤ | ᠡᠷᠭᠢᠨ ᠲᠣᠭᠤᠷᠢᠨ ᠵᠢᠴᠢ ᠵᠠᠮ ᠳᠠᠭᠠᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠪᠠᠶᠢᠩᠭᠤᠵᠢᠭᠰᠠᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯᠳᠡᠪ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ | ᠲᠠᠯᠪᠢᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ ᠬᠤᠭ ᠨᠣᠪᠰᠢ ᠶᠢ ᠡᠳᠦᠷ ᠪᠦᠷᠢ ᠴᠡᠪᠡᠷᠯᠡᠵᠦ᠂ ᠲᠣᠰᠬᠤᠨ ᠤ | ᠳᠣᠲᠣᠷ᠎ᠠ ᠭᠠᠳᠠᠨ᠎ᠠ ᠣᠪᠣᠭᠠᠯᠠᠵᠤ᠂ ᠥᠨᠴᠥᠭ ᠪᠤᠯᠤᠩ ᠦᠭᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠪᠦᠬᠦ | ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠬᠠᠮᠢᠶᠠᠷᠴᠤ ᠴᠢᠩᠭ᠎ᠠ | ᠪᠠᠶᠢᠴᠠᠭᠠᠬᠤ ᠪᠠᠶᠢᠳᠠᠯ ᠢᠶᠠᠷ ᠲᠣᠭᠲᠠᠭᠠᠯ ᠠᠴᠠ ᠵᠥᠷᠢᠴᠡᠨ ᠮᠠᠯ ᠮᠠᠯᠯᠠᠬᠤ ᠵᠡᠷᠭᠡ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ | ᠰᠢᠢᠳᠪᠦᠷᠢᠯᠡᠵᠦ᠂ ᠪᠦᠬᠦ ᠪᠠᠯᠭᠠᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ |