ᠮᠡᠳᠡᠯᠭᠡ ᠤᠯᠠᠮᠵᠢᠯᠠᠵᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2025/6/19
   ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠵᠡᠷᠭᠡ 8 ᠪᠠᠶᠢᠭᠤᠯᠭ᠎ᠠ ᠨᠢᠭᠡᠴᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠲᠦ ᠠᠭᠤᠳᠠᠮ ᠲᠠᠯᠠᠪᠠᠢ ᠳᠤ ᠬᠠᠮᠲᠤᠷᠠᠨ 2025 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠤᠶᠠᠯᠳᠤᠭᠤᠯᠬᠤ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃    ᠠᠵᠢᠯᠲᠠᠳ ᠣᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠲᠠᠪᠴᠠᠩ ᠲᠡᠷᠢ ᠲᠡᠭᠰᠢ ᠵᠢᠭᠰᠠᠭᠠᠪᠠ᠃ ᠠᠵᠢᠯᠲᠠᠳ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠳᠡᠯᠭᠡᠨ ᠦᠵᠡᠭᠦᠯᠬᠦ ᠰᠠᠮᠪᠠᠷ᠎ᠠ ᠪᠣᠯᠤᠨ ᠵᠢᠷᠤᠭ ᠪᠢᠴᠢᠭ ᠮᠠᠲ᠋ᠧᠷᠢᠶᠠᠯ ᠲᠠᠢ ᠤᠶᠠᠯᠳᠤᠭᠤᠯᠵᠤ᠂ ᠭᠡᠷ ᠪᠦᠯᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠭᠠᠯ ᠤᠨ ᠠᠶᠤᠯ ᠠᠴᠠ ᠠᠮᠢ ᠵᠢᠭᠤᠲᠠᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠣᠯᠠᠨ ᠲᠦᠮᠡᠨ ᠤ ᠰᠡᠳᠬᠢᠯ ᠳᠤ ᠦᠨᠡᠨ ᠬᠦ ᠳᠠᠮᠵᠢᠭᠤᠯᠪᠠ᠃    ︽ᠡᠨᠡ ᠤᠳᠠᠭᠠᠨ ᠤ ᠠᠰᠠᠭᠤᠨ ᠯᠠᠪᠯᠠᠬᠤ ᠡᠳᠦᠷ ᠲᠤ ᠰᠣᠷᠣᠭᠰᠠᠨ ᠨᠢ ᠬᠡᠷᠡᠭᠯᠡᠭᠡᠨ ᠤ ᠠᠮᠤᠷ ᠲᠦᠪᠰᠢᠨ ᠤ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠤᠷ᠎ᠠ ᠮᠡᠷᠭᠡᠵᠢᠯ ᠣᠯᠵᠠᠢ᠂ ᠪᠢ ᠡᠳᠡᠭᠡᠷ ᠮᠡᠳᠡᠯᠭᠡ ᠶᠢ ᠭᠡᠷ ᠤᠨ ᠬᠥᠮᠦᠰ ᠲᠡᠭᠡᠨ ᠬᠤᠪᠢᠶᠠᠯᠴᠠᠵᠤ᠂ ᠬᠠᠮᠲᠤ ᠪᠠᠷ ᠠᠮᠤᠷ ᠲᠦᠪᠰᠢᠨ ᠤ ᠮᠡᠳᠡᠯᠭᠡ ᠪᠠᠨ ᠳᠡᠭᠡᠭᠰᠢᠯᠡᠭᠦᠯᠦᠨ᠎ᠡ᠃ ᠬᠤᠰᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠨ ᠠᠭᠤᠯᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠠᠷ ᠬᠡᠯᠡᠨ᠎ᠡ᠃ ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠳ ᠡᠷᠭᠢᠨ ᠲᠣᠭᠤᠷᠢᠨ ᠤ ᠬᠤᠳᠠᠯᠳᠤᠭᠠᠴᠢᠨ ᠡᠷᠦᠬᠡ ᠳᠤ ᠬᠦᠷᠴᠦ᠂ ᠬᠤᠳᠠᠯᠳᠤᠭᠠᠴᠢᠨ ᠡᠷᠦᠬᠡ ᠡᠵᠡᠩᠨᠡᠭᠴᠢ ᠵᠢᠴᠢ ᠠᠵᠢᠯᠲᠠᠨ ᠠᠵᠢᠯᠴᠢᠨ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠡᠵᠡᠩᠨᠡᠯᠲᠡ ᠶᠢᠨ ᠲᠠᠯᠠᠪᠤᠷ ᠲᠠᠢ ᠤᠶᠠᠯᠳᠤᠭᠤᠯᠤᠨ᠂ ᠡᠳᠦᠷ ᠲᠤᠲᠤᠮ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠲᠠᠷᠬᠠᠭᠠᠬᠤ ᠵᠠᠮ ᠤᠨ ᠬᠠᠮᠢᠶᠠᠷᠤᠯᠲᠠ ᠵᠡᠷᠭᠡ ᠠᠮᠤᠷ ᠲᠦᠪᠰᠢᠨ ᠤ ᠭᠤᠣᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠬᠤᠳᠠᠯᠳᠤᠭᠠᠴᠢᠨ ᠡᠷᠦᠬᠡ ᠳᠤ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠪᠠᠨ ᠴᠢᠩᠭᠠᠳᠬᠠᠵᠤ᠂ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠵᠠᠬᠢᠪᠠ᠃ ᠳᠠᠷᠠᠭ᠎ᠠ ᠨᠢ᠂ ᠠᠵᠢᠯᠲᠠᠳ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠦᠰ ᠲᠠᠢ ᠬᠠᠮᠲᠤ ᠪᠠᠷ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ᠂ ᠠᠶᠤᠯᠲᠠᠢ ᠬᠢᠮᠢ ᠶᠢᠨ ᠪᠣᠳᠠᠰ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号