ᠨᠡᠶᠢᠭᠡᠮ ᠲᠣᠭᠤᠷᠢᠭ ᠤᠨ ᠠᠮᠢᠳᠤᠷᠠᠯ ᠢ ᠬᠢᠯᠠᠯᠵᠠᠭᠤᠯᠵᠤ ᠵᠣᠯ ᠵᠢᠷᠭᠠᠯ ᠤᠨ ᠵᠢᠷᠤᠭ ᠢ ᠬᠠᠮᠲᠤᠪᠠᠷ ᠵᠢᠷᠤᠨ᠎ᠠ
ᠨᠡᠶᠢᠲᠡᠯᠡᠭᠰᠡᠨ ᠴᠠᠭ᠄
2025/6/19
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠳᠦᠰᠦᠨ ᠱᠠᠲᠤᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠦᠴᠦᠨ ᠴᠢᠳᠠᠯ ᠢ ᠨᠢᠭᠲᠠᠷᠠᠭᠤᠯᠤᠨ᠂ ᠣᠯᠠᠨ ᠵᠦᠢᠯ ᠤᠨ ᠠᠵᠢᠯᠯᠠᠭ᠎ᠠ ᠨᠡᠶᠢᠭᠡᠮ ᠲᠣᠭᠤᠷᠢᠭ ᠤᠨ ᠠᠮᠢᠳᠤᠷᠠᠯ ᠢ ᠭᠡᠷᠡᠯᠳᠦᠬᠦᠯᠵᠦ᠂ ᠦᠨᠳᠦᠰᠦᠲᠡᠨ ᠤ ᠪᠦᠯᠬᠦᠮᠳᠡᠯ ᠤᠨ ᠵᠣᠯ ᠵᠢᠷᠭᠠᠯ ᠤᠨ ᠬᠠᠭᠤᠳᠠᠰᠤ ᠶᠢ ᠬᠠᠮᠲᠤ ᠪᠠᠷ ᠵᠢᠷᠤᠭᠯᠠᠪᠠ᠃    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠮᠠᠨᠳᠤᠯ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠡᠭᠡᠷ᠎ᠡ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠶᠠᠭ ᠬᠡᠦᠬᠡᠳ ᠤᠳ ᠤᠨ ᠪᠤᠳᠤᠭ ᠢᠶᠠᠷ ᠢᠶᠠᠨ ᠭᠠᠵᠠᠷ ᠤᠨ ᠭᠠᠳᠠᠷᠭᠤ ᠳᠤ ᠪᠤᠳᠤᠭᠲᠤ ᠵᠢᠷᠤᠭ ᠵᠢᠷᠤᠵᠤ᠂ ᠲᠠᠪᠤᠨ ᠥᠩᠭᠡᠲᠦ ᠵᠢᠷᠤᠭᠠᠰᠤ ᠪᠠᠷ ᠨᠡᠶᠢᠭᠡᠮ ᠲᠣᠭᠤᠷᠢᠭ ᠤᠨ ᠠᠮᠢᠳᠤᠷᠠᠯ ᠤᠨ ᠰᠢᠨ᠎ᠡ ᠰᠣᠷᠭᠤᠭ ᠳᠦᠷᠢ ᠲᠥᠷᠬᠦ ᠶᠢ ᠳᠦᠷᠰᠦ ᠲᠠᠢ ᠵᠢᠷᠤᠭᠯᠠᠵᠤ ᠪᠠᠶᠢᠪᠠ᠃    ᠦᠳᠡ ᠶᠢᠨ ᠬᠤᠭᠤᠯᠠᠨ ᠤ ᠦᠶ᠎ᠡ ᠳᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠪᠣᠭᠤᠭᠰᠠᠨ ᠬᠤᠭᠤᠯᠠ ᠨᠣᠭᠤᠭ᠎ᠠ ᠪᠠᠨ ᠬᠥᠳᠡᠯᠵᠦ ᠪᠠᠷᠢᠬᠤ ᠳᠤ ᠳᠥᠭᠦᠮ ᠦᠭᠡᠢ᠂ ᠠᠮᠢᠳᠤᠷᠠᠯ ᠨᠢ ᠬᠦᠴᠢᠷᠲᠡᠢ ᠭᠠᠭᠴᠠᠭᠠᠷ ᠰᠠᠭᠤᠭ᠎ᠠ ᠨᠠᠰᠤᠲᠠᠳ ᠲᠤ ᠬᠦᠷᠭᠡᠪᠡ᠃ ᠭᠠᠭᠴᠠᠭᠠᠷ ᠰᠠᠭᠤᠭ᠎ᠠ ᠨᠠᠰᠤᠲᠠᠨ ᠰᠢᠮ᠎ᠡ ᠲᠡᠵᠢᠭᠡᠯᠲᠦ ᠬᠤᠭᠤᠯᠠ ᠶᠢ ᠠᠮᠲᠠᠯᠠᠵᠤ᠂ ᠴᠢᠷᠠᠢ ᠳᠤ ᠳᠦᠭᠦᠷᠡᠩ ᠵᠣᠯ ᠵᠢᠷᠭᠠᠯ ᠢᠶᠠᠷ ᠪᠢᠯᠬᠠᠵᠤ ᠪᠠᠶᠢᠯ᠎ᠠ᠃ ᠬᠤᠭᠤᠯᠠ ᠬᠦᠷᠭᠡᠬᠦ ᠶᠠᠪᠤᠴᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠤᠷᠪᠤᠯᠵᠢᠯᠠᠬᠤ ᠠᠵᠢᠯ ᠢ ᠵᠡᠷᠭᠡᠪᠡᠷ ᠥᠷᠨᠢᠭᠦᠯᠵᠦ᠂ ᠰᠠᠭᠤᠭᠠᠯᠢ ᠠᠷᠠᠳ ᠲᠠᠢ ᠰᠠᠨᠠᠭᠠᠴᠢᠯᠠᠭ᠎ᠠ ᠠᠴᠠ ᠪᠠᠨ ᠶᠠᠷᠢᠯᠴᠠᠵᠤ᠂ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠢ ᠬᠡᠷᠡᠭᠴᠡᠭᠡ ᠶᠢ ᠣᠶᠢᠯᠠᠭᠠᠵᠤ᠂ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠬᠤ ᠶᠢᠨ ᠬᠠᠮᠲᠤ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠨᠠᠷᠢᠨ ᠪᠣᠳᠠᠲᠠᠢ ᠲᠡᠮᠳᠡᠭᠯᠡᠵᠦ᠂ ᠨᠡᠶᠢᠭᠡᠮ ᠲᠣᠭᠤᠷᠢᠭ ᠲᠤ ᠴᠠᠭ ᠲᠤᠬᠠᠢ ᠳᠤᠨᠢ ᠬᠠᠷᠢᠭᠤ ᠲᠤᠰᠬᠠᠪᠠ᠃ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠮᠠᠨᠳᠤᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠲᠢᠶᠠᠨ ᠼᠠᠩ᠄ ︽ᠮᠠᠨ ᠤ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯᠯᠠᠭ᠎ᠠ ᠶᠢ ᠶᠡᠭᠡ ᠰᠠᠶᠢᠨ ᠥᠷᠨᠢᠭᠦᠯᠪᠡ᠂ ᠮᠠᠨ ᠤ ᠬᠡᠦᠬᠡᠳ ᠤᠨ ᠠᠵᠢᠯ ᠮᠠᠰᠢ ᠶᠠᠭᠠᠷᠠᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠦᠷᠭᠦᠯᠵᠢ ᠪᠢᠳᠡᠨ ᠳᠤ ᠨᠣᠭᠤᠭ᠎ᠠ ᠪᠤᠳᠠᠭ᠎ᠠ ᠬᠦᠷᠭᠡᠵᠦ᠂ ᠦᠨᠦᠷ ᠠᠮᠲᠠ ᠨᠢ ᠴᠦ ᠵᠦᠭᠡᠷ᠂ ᠨᠡᠶᠢᠭᠡᠮ ᠲᠣᠭᠤᠷᠢᠭ ᠤᠨ ᠠᠵᠢᠯᠲᠠᠳ ᠪᠣᠯ ᠮᠠᠨ ᠤ ︿ᠳᠣᠲᠣᠨᠣ ᠬᠥᠮᠦᠨ﹀ ᠮᠥᠨ︾ ᠭᠡᠵᠦ ᠬᠡᠯᠡᠪᠡ᠃ ︽ᠬᠤᠪᠢᠯ ᠤᠨ ᠶᠡᠭᠡ ᠭᠤᠪᠢᠭᠤᠯᠭ᠎ᠠ︾ ᠶᠠᠭ ᠶᠠᠪᠤᠭᠳᠠᠵᠤ ᠪᠠᠶᠢᠨ᠎ᠠ᠃    ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠬᠡᠰᠦ᠋ᠮ᠎ᠡ ᠨᠡᠶᠢᠭᠡᠮ ᠲᠣᠭᠤᠷᠢᠭ ᠲᠤ ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠬᠠᠮᠲᠤ ᠰᠠᠭᠤᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠠᠭᠤᠭᠠᠯᠢ ᠲᠣᠭᠤᠷᠢᠭ ᠤᠨ ᠵᠠᠰᠠᠯᠲᠠ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠶᠠᠷᠢᠯᠴᠠᠭ᠎ᠠ ᠥᠷᠨᠢᠭᠦᠯᠪᠡ᠃ ︽ᠨᠡᠶᠢᠭᠡᠮ ᠲᠣᠭᠤᠷᠢᠭ ᠤᠨ ᠠᠵᠢᠯᠯᠠᠭᠠᠨ ᠤ ᠥᠷᠥᠭᠡ ᠨᠢ ᠠᠭᠠᠷ ᠲᠣᠬᠢᠷᠠᠭᠤᠯᠤᠭᠴᠢ ᠤᠭᠰᠠᠷᠠᠵᠤ ᠴᠢᠳᠠᠬᠤ ᠡᠰᠡᠬᠦ︾᠂ ︽ᠨᠡᠶᠢᠭᠡᠮ ᠲᠣᠭᠤᠷᠢᠭ ᠤᠨ ᠨᠣᠮ ᠪᠢᠴᠢᠭ ᠤᠨ ᠲᠠᠰᠤᠭ ᠨᠢ ᠵᠠᠷᠢᠮ ᠰᠢᠨ᠎ᠡ ᠨᠣᠮ ᠪᠢᠴᠢᠭ ᠢ ᠰᠢᠨᠡᠳᠬᠡᠵᠦ᠂ ᠤᠩᠰᠢᠯᠭ᠎ᠠ ᠶᠢᠨ ᠡᠬᠢ ᠪᠠᠶᠠᠯᠢᠭ ᠢ ᠪᠠᠶᠠᠯᠢᠭᠵᠢᠭᠤᠯᠵᠤ︾᠂ ︽ᠨᠢᠭᠡᠴᠢ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠬᠤ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ︾᠂ ︽ᠵᠢᠵᠢᠭ ᠲᠣᠭᠤᠷᠢᠭ ᠤᠨ ᠵᠠᠮ ᠤᠨ ᠳ᠋ᠧᠩ ᠤᠨ ᠭᠡᠷᠡᠯᠲᠦᠴᠡ ᠬᠦᠷᠦᠯᠴᠡᠬᠦ ᠦᠭᠡᠢ︾ ᠁ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠣᠭᠤᠷᠢᠨ ᠰᠠᠭᠤᠵᠤ᠂ ᠨᠡᠶᠢᠭᠡᠮ ᠲᠣᠭᠤᠷᠢᠭ ᠤᠨ ᠱᠦᠵᠢ ᠲᠡᠮᠳᠡᠭᠯᠡᠬᠦ ᠶᠢᠨ ᠳᠠᠭᠠᠤ ᠬᠠᠷᠢᠭᠤᠯᠲᠠ ᠥᠭᠴᠦ᠂ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号