ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠰᠦᠨ ᠬᠤᠤ | ᠵᠧᠩ ᠢᠦᠢ︶ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠤ ᠲᠠᠵᠢᠺᠰᠲ᠋ᠠᠨ ᠤ ᠶᠡᠷᠦᠩᠬᠡᠶᠢᠯᠡᠭᠴᠢ | ᠯᠠᠾᠧᠮᠧᠩ ᠲᠠᠢ ᠠᠭᠤᠯᠵᠠᠪᠠ᠃ | ᠰᠢ ᠶᠢᠨ ᠫᠢᠩ᠂ ᠨᠢᠳᠤᠨᠤᠨ ᠪᠢ ᠲᠠᠵᠢᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠳᠤᠮᠳᠠᠳᠤ | ᠲᠠᠵᠢᠺᠰᠲ᠋ᠠᠨ ᠤ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠪᠠᠶᠢᠭᠤᠯᠬᠤ ᠪᠠᠷ ᠬᠠᠮᠲᠤ ᠪᠠᠷ ᠨᠡᠶᠢᠲᠡᠯᠡᠭᠰᠡᠨ ᠪᠥᠭᠡᠳ ᠬᠤᠶᠠᠷ ᠤᠯᠤᠰ ᠤᠨ ᠪᠦᠭᠦ ᠲᠠᠯ᠎ᠠ ᠶᠢᠨ | ᠬᠠᠮᠲᠤᠷᠠᠯᠴᠠᠭ᠎ᠠ ᠳᠤ ᠰᠢᠨ᠎ᠡ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠡᠢ᠂ ᠬᠤᠶᠠᠷ ᠲᠠᠯ᠎ᠠ ᠪᠠᠷ ᠢᠶᠠᠨ ᠱᠠᠯᠠᠪᠳᠠᠭᠤᠯᠤᠨ | ᠨᠠᠶᠢᠳᠠᠪᠤᠷᠢᠵᠢᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠵᠤ᠂ ᠳᠤᠮᠳᠠᠳᠤ ᠲᠠᠵᠢᠺᠰᠲ᠋ᠠᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯ ᠲᠠᠵᠢᠺᠰᠲ᠋ᠠᠨ ᠤ ᠨᠠᠶᠢᠳᠠᠪᠤᠷᠢᠲᠠᠢ ᠬᠥᠷᠰᠢ ᠤᠯᠤᠰ ᠪᠠ ᠬᠠᠨᠢᠲᠠᠨ ᠮᠥᠨ᠂ | ᠲᠠᠵᠢᠺᠰᠲ᠋ᠠᠨ ᠤ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠠᠮᠤᠷ ᠲᠦᠪᠰᠢᠨ ᠢᠶᠠᠨ ᠬᠠᠮᠠᠭᠠᠯᠠᠬᠤ ᠶᠢ ᠡᠷᠡᠰ | ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠲᠠᠵᠢᠺᠰᠲ᠋ᠠᠨ ᠤ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠤᠨ | ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠵᠣᠬᠢᠴᠠᠭᠤᠯᠤᠨ ᠠᠭᠢᠭᠤᠯᠤᠶ᠎ᠠ︔ ᠬᠤᠶᠠᠷ ᠲᠠᠯ᠎ᠠ ᠶᠢᠨ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠤᠶᠠ︔ ᠺᠦᠩᠽᠢ ᠳᠡᠭᠡᠳᠦ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ᠂ ᠬᠢᠲᠠᠳ ᠡᠮ | ᠡᠮᠨᠡᠯᠭᠡ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠡ ᠵᠢᠯ ᠤᠨ ᠨᠠᠮᠤᠷ ᠳᠠᠵᠢᠺᠰᠲ᠋ᠠᠨ ᠳᠤ ᠶᠠᠪᠤᠭᠳᠠᠬᠤ ︽ | ᠳᠤᠮᠳᠠᠳᠤ ᠤᠯᠤᠰ ᠤᠨ ᠰᠣᠶᠣᠯ ᠤᠨ ᠡᠳᠦᠷ︾ ᠢ ᠰᠠᠶᠢᠲᠤᠷ ᠡᠷᠭᠢᠯᠡᠶᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ︽ᠭᠤᠷᠪᠠᠨ ᠵᠦᠢᠯ ᠤᠨ ᠬᠦᠴᠦᠨ︾ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠤᠶ᠎ᠠ᠃ ᠳᠤᠮᠳᠠᠳᠤ ᠲᠠᠵᠢᠺᠰᠲ᠋ᠠᠨ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ | ᠬᠠᠮᠠᠭᠠᠯᠠᠬᠤ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ ᠬᠠᠮᠲᠤ ᠶᠢᠨ | ᠠᠰᠢᠭ ᠲᠤᠰᠠ ᠲᠠᠢ ᠶᠤᠮ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠵᠡᠷᠭᠡ ᠤᠯᠠᠨ ᠲᠠᠯᠠᠲᠤ | ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠲᠠᠵᠢᠺᠰᠲ᠋ᠠᠨ ᠤ ᠬᠢᠨ ᠤ ᠤᠯᠠᠨ | ᠤᠯᠤᠰ ᠤᠨ ᠠᠭᠤᠷ ᠠᠮᠢᠰᠬᠤᠯ ᠤᠨ ᠵᠠᠰᠠᠯᠲᠠ ᠳᠤ ᠴᠢᠬᠤᠯᠠ ᠦᠢᠯᠡᠳᠦᠯ ᠦᠵᠡᠭᠦᠯᠭᠦ ᠶᠢ ᠳᠡᠮᠵᠢᠨ᠎ᠠ ᠭᠡᠵᠦ ᠴᠢᠬᠤᠯᠠᠴᠢᠯᠠᠪᠠ᠃ | | ᠯᠠᡁᠧᠮᠧᠩ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ | ᠠᠵᠤ ᠠᠬᠤᠢ ᠨᠡᠶᠢᠭᠡᠮ ᠴᠢᠬᠤᠯᠠ ᠶᠡᠭᠡ ᠬᠥᠭᠵᠢᠯᠲᠡ ᠶᠢᠨ ᠠᠮᠵᠢᠯᠲᠠ ᠣᠯᠵᠤ᠂ ᠳᠡᠯᠡᠬᠡᠢ ᠶᠢᠨ ᠬᠡᠷᠡᠭ ᠶᠠᠪᠤᠳᠠᠯ ᠳᠤ ᠴᠢᠬᠤᠯᠠ | ᠦᠢᠯᠡᠳᠦᠯ ᠦᠵᠡᠭᠦᠯᠪᠡ᠃ ᠲᠡᠷᠢᠭᠦᠯᠡᠭᠴᠢ ᠰᠢ ᠶᠢᠨ ᠫᠢᠩ ᠨᠢᠳᠤᠨᠤᠨ ᠲᠠᠵᠢᠺᠰᠲ᠋ᠠᠨ ᠳᠤ ᠲᠡᠦᠬᠡᠲᠦ ᠴᠢᠨᠠᠷᠲᠠᠢ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠵᠦ᠂ ᠬᠤᠶᠠᠷ ᠤᠯᠤᠰ ᠤᠨ ᠬᠠᠷᠢᠯᠴᠠᠭ᠎ᠠ ᠳᠤ ᠰᠢᠨ᠎ᠡ ᠢᠷᠡᠭᠡᠳᠦᠢ ᠶᠢ ᠨᠡᠭᠡᠭᠡᠵᠦ᠂ | ᠲᠠᠵᠢᠺᠰᠲ᠋ᠠᠨ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠰᠢᠨ᠎ᠡ ᠲᠦᠪᠰᠢᠨ ᠳᠤ ᠬᠦᠷᠭᠡᠪᠡ᠃ ᠬᠤᠶᠠᠷ | ᠲᠠᠯ᠎ᠠ ᠪᠠᠷ ᠢᠶᠠᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠥᠷᠨᠢᠭᠦᠨ ᠬᠥᠭᠵᠢᠪᠡ᠃ ᠲᠠᠵᠢᠺᠰᠲ᠋ᠠᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ | ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠨ᠎ᠠ︔ ᠠᠷᠠᠯᠵᠢᠶ᠎ᠠ᠂ | ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠡᠨᠧᠷᠭᠢ᠂ ᠪᠣᠬᠢᠷᠳᠤᠯ ᠦᠭᠡᠢ ᠠᠵᠤ | ᠦᠢᠯᠡᠰ ᠵᠢᠴᠢ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠭᠡᠨ᠎ᠡ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠲᠡᠵᠢᠺᠰᠲ᠋ᠠᠨ ᠤ ︽ᠳᠤᠮᠳᠠᠳᠤ ᠤᠯᠤᠰ ᠤᠨ | ᠰᠣᠶᠣᠯ ᠤᠨ ᠡᠳᠦᠷ︾ ᠢ ᠰᠠᠶᠢᠲᠤᠷ ᠡᠷᠭᠢᠯᠡᠨ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ︔ ᠵᠣᠭᠢᠴᠠᠭᠤᠯᠭᠠ ᠬᠠᠮᠵᠢᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠦᠢᠯᠡᠳᠦᠯ ᠢᠶᠠᠨ | ᠪᠠᠳᠠᠷᠠᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭ᠎ᠠ᠂ ᠠᠵᠤ | ᠠᠬᠤᠢ ᠠᠷᠠᠯᠵᠢᠶ᠎ᠠ᠂ ᠵᠠᠮ ᠬᠠᠷᠢᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠤᠯᠠᠨ ᠬᠤᠪᠢ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |