ᠰᠢ ᠶᠢᠨ ᠫᠢᠩ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠠᠭᠤᠯᠵᠠᠪᠠ
ᠨᠡᠶᠢᠲᠡᠯᠡᠭᠰᠡᠨ ᠴᠠᠭ᠄
2025/6/19
   ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠬᠤᠤ ᠸᠧᠢ ᠸᠧᠢ ᠵᠤᠤ ᠪᠢᠩ︶ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠤ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠠᠭᠤᠯᠵᠠᠪᠠ᠃   ᠰᠢ ᠶᠢᠨ ᠫᠢᠩ᠂ ᠨᠢᠳᠤᠨᠤᠨ ᠪᠢᠳᠡ ᠪᠡᠭᠡᠵᠢᠩ ᠪᠣᠯᠣᠨ ᠠᠰᠲ᠋ᠠᠨᠠ ᠳᠤ ᠬᠤᠶᠠᠷ ᠤᠳᠠᠭ᠎ᠠ ᠠᠭᠤᠯᠵᠠᠵᠤ᠂ ᠬᠤᠶᠠᠷ ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠵᠦ᠂ ᠳᠤᠮᠳᠠᠳᠤ ᠦᠽᠪᠤᠺᠰᠲ᠋ᠠᠨ ᠤ ᠡᠯ᠎ᠡ ᠬᠦᠷᠢᠶᠡᠨ ᠤ ᠬᠠᠮᠲᠤᠷᠠᠯᠴᠠᠭ᠎ᠠ ᠳᠤ ᠪᠦᠭᠦ ᠲᠠᠯ᠎ᠠ ᠪᠠᠷ ᠥᠷᠨᠢᠭᠰᠡᠨ᠂ ᠡᠳᠦᠷ ᠠᠴᠠ ᠡᠳᠦᠷ ᠥᠭᠡᠳᠡᠯᠡᠨ ᠮᠠᠨᠳᠤᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠳᠤᠮᠳᠠᠳᠤ ᠤᠯᠤᠰ ᠳᠤᠷᠠᠲᠠᠶ᠎ᠠ ᠦᠽᠪᠤᠺᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠬᠤ ᠪᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠲᠦᠷᠦᠯ ᠵᠦᠢᠯ ᠢ ᠬᠡᠷᠡᠭᠵᠢᠭᠦᠯᠵᠦ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠵᠦ᠂ ᠨᠡᠩ ᠪᠠᠶᠠᠯᠢᠭ ᠠᠭᠤᠯᠤᠭᠳᠠᠬᠤᠨ ᠪᠠ ᠠᠮᠢᠵᠢᠷᠠᠯ ᠤᠨ ᠬᠦᠴᠦᠨ ᠲᠠᠢ ᠳᠤᠮᠳᠠᠳᠤ ᠦᠽᠪᠤᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃  ᠰᠢ ᠶᠢᠨ ᠫᠢᠩ᠂ ᠳᠤᠮᠳᠠᠳᠤ ᠦᠽᠪᠤᠺᠰᠲ᠋ᠠᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ ᠶᠢ ᠴᠢᠯᠦᠭᠡᠲᠡᠢ ᠪᠤᠯᠭᠠᠬᠤ ᠳᠦᠭᠦᠮ ᠳᠥᠲᠡ ᠪᠤᠯᠭᠠᠬᠤ ᠨᠡᠩ ᠤᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠶᠠᠷ ᠲᠠᠯ᠎ᠠ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠳᠤᠮᠳᠠᠳᠤ ᠤᠯᠤᠰ — ᠺᠢᠷᠭᠢᠽᠰᠲ᠋ᠠᠨ — ᠦᠽᠪᠤᠺᠰᠲ᠋ᠠᠨ ᠤ ᠲᠡᠮᠦᠷ ᠵᠠᠮ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠴᠣᠭᠴᠠᠯᠠᠵᠤ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ᠂ ᠣᠶᠤᠨᠲᠤ ᠲᠠᠷᠢᠶᠠᠯᠠᠩ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠭᠡᠶ᠎ᠡ︔ ᠬᠠᠷᠢᠯᠴᠠᠨ ᠰᠣᠶᠣᠯ ᠤᠨ ᠲᠥᠪ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠵᠦᠢᠯ ᠤᠨ ᠬᠦᠴᠦᠨ︾ ᠳᠤ ᠬᠠᠮᠲᠤ ᠪᠠᠷ ᠴᠣᠬᠢᠯᠲᠠ ᠥᠭᠴᠦ᠂ ᠰᠢᠨ᠎ᠡ ᠰᠦᠷᠳᠡᠭᠦᠯᠦᠯ ᠰᠢᠨ᠎ᠡ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ ᠴᠢᠬᠤᠯᠠᠴᠢᠯᠠᠵᠠᠢ᠃  ᠮᠢᠷᠵᠢᠶᠤᠤᠶᠧᠹ᠂ ᠲᠡᠷᠢᠭᠦᠯᠡᠭᠴᠢ ᠰᠢ ᠶᠢᠨ ᠫᠢᠩ ᠪᠣᠯ ᠳᠡᠯᠡᠬᠡᠢ ᠶᠢᠨ ᠭᠠᠷᠮᠠᠭᠠᠢ ᠤᠯᠤᠰ ᠲᠥᠷᠥᠴᠢᠨ ᠮᠥᠨ᠂ ᠳᠤᠮᠳᠠᠳᠤ ᠤᠯᠤᠰ ᠢ ᠤᠳᠤᠷᠢᠳᠤᠨ ᠭᠠᠷᠮᠠᠭᠠᠢ ᠦᠷ᠎ᠡ ᠪᠦᠲᠦᠮᠵᠢᠲᠡᠢ ᠳᠣᠲᠣᠭᠠᠳᠤ ᠭᠠᠳᠠᠭᠠᠳᠤ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠡᠯᠪᠡᠭ ᠦᠷ᠎ᠡ ᠪᠦᠲᠦᠭᠡᠯ ᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠣᠳᠣᠬᠠᠨ ᠤ ᠳᠡᠯᠡᠬᠡᠢ ᠶᠠᠮᠠᠷᠪᠠ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠤᠯᠤᠰ ᠠᠴᠠ ᠰᠠᠯᠵᠤ ᠴᠢᠳᠠᠬᠤ ᠦᠭᠡᠢ᠃   ᠦᠽᠪᠤᠺᠰᠲ᠋ᠠᠨ ᠳᠤᠮᠳᠠᠳᠤ ᠠᠬ᠎ᠠ ᠳᠡᠭᠦᠦ ᠮᠡᠲᠦ ᠳᠣᠲᠣᠨᠣ᠂ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠨᠢᠭᠲᠠ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠷᠴᠢᠮᠲᠡᠢ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡᠨ ᠳᠡᠭᠡᠷᠡᠬᠢ ᠬᠠᠮᠤᠭ ᠤᠨ ᠥᠨᠳᠥᠷ ᠲᠦᠪᠰᠢᠨ ᠳᠤ ᠬᠦᠷᠴᠡᠢ᠃ ᠦᠽᠪᠤᠺᠰᠲ᠋ᠠᠨ ᠤ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠨᠠᠨᠳᠢᠩᠨᠠᠵᠤ ᠪᠠᠶᠢᠨ᠎ᠠ᠂ ᠳᠤᠮᠳᠠᠳᠤ ᠤᠯᠤᠰ ᠠᠴᠠ ᠤᠷᠳᠤ ᠬᠤᠭᠤᠴᠠᠭᠠᠨ ᠤ ᠲᠤᠷᠰᠢ ᠦᠽᠪᠤᠺᠰᠲ᠋ᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠷᠠᠮ ᠦᠭᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠎ᠡ᠃ ᠦᠽᠪᠧᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠲᠤᠷᠰᠢᠯᠭ᠎ᠠ ᠶᠢ ᠭᠦᠨᠵᠡᠭᠡᠢ ᠰᠤᠷᠤᠯᠴᠠᠨ᠎ᠠ︔ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠳᠡᠭᠡᠳᠦ ᠰᠢᠨ᠎ᠡ ᠮᠡᠷᠭᠡᠵᠢᠯ᠂ ᠬᠤᠯᠪᠣᠯᠳᠤᠨ ᠨᠡᠪᠲᠡᠷᠡᠯᠴᠡᠬᠦ᠂ ᠬᠥᠳᠡᠭᠡ ᠠᠵᠤ ᠠᠬᠤᠢ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠤᠨ᠎ᠠ︔ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠭᠦᠨ᠎ᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠴᠢᠬᠤᠯᠠ ᠶᠡᠭᠡ ᠴᠠᠭ ᠦᠶ᠎ᠡ ᠶᠢᠨ ᠠᠴᠢ ᠬᠤᠯᠪᠣᠭᠳᠠᠯ ᠲᠠᠢ ᠶᠤᠮ᠂ ᠦᠽᠪᠤᠺᠰᠲ᠋ᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠲᠠᠪᠰᠢᠯᠳᠠ ᠶᠢᠨ ᠦᠢᠯᠡᠰ ᠢ ᠠᠬᠢᠭᠤᠯᠤᠨ᠎ᠠ ᠭᠡᠵᠦ ᠢᠯᠡᠳᠬᠡᠪᠡ᠃   ᠬᠤᠶᠠᠷ ᠤᠯᠤᠰ ᠤᠨ ᠲᠡᠷᠢᠭᠦᠨ ᠣᠳᠣᠬᠠᠨ ᠤ ᠳᠤᠮᠳᠠᠳᠤ ᠳᠣᠷᠣᠨᠠᠲᠤ ᠶᠢᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠢᠰᠷᠧᠯ ᠤᠨ ᠬᠢᠨ ᠢᠷᠠᠨ ᠳᠤ ᠴᠡᠷᠢᠭ ᠲᠠᠶᠢᠨ ᠤ ᠠᠵᠢᠯᠯᠠᠭ᠎ᠠ ᠥᠷᠨᠢᠭᠦᠯᠵᠦ᠂ ᠳᠤᠮᠳᠠᠳᠤ ᠳᠣᠷᠣᠨᠠᠲᠤ ᠣᠷᠣᠨ ᠤ ᠪᠠᠴᠢᠮ ᠪᠠᠶᠢᠳᠠᠯ ᠢ ᠬᠤᠷᠴᠠᠳᠬᠠᠵᠤ᠂ ᠳᠤᠮᠳᠠᠳᠤ ᠤᠯᠤᠰ ᠡᠭᠦᠨ ᠳᠤ ᠶᠡᠬᠡᠳᠡ ᠰᠠᠨᠠᠭᠠᠰᠢᠷᠠᠵᠤ ᠪᠠᠶᠢᠨ᠎ᠠ᠃ ᠪᠢᠳᠡ ᠪᠤᠰᠤᠳ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠳᠤ ᠬᠠᠯᠳᠠᠬᠤ ᠠᠯᠢᠪᠠ ᠠᠵᠢᠯᠯᠠᠭ᠎ᠠ ᠶᠢ ᠡᠰᠡᠷᠭᠦᠴᠡᠨ᠎ᠡ᠃ ᠴᠡᠷᠢᠭ ᠤᠨ ᠶᠠᠪᠤᠳᠠᠯ ᠤᠨ ᠮᠥᠷᠭᠦᠯᠳᠦᠭᠡᠨ ᠪᠣᠯ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠪᠢᠰᠢ᠂ ᠭᠠᠵᠠᠷ ᠣᠷᠣᠨ ᠤ ᠪᠠᠶᠢᠳᠠᠯ ᠰᠢᠷᠦᠭᠦᠰᠬᠦ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠳᠤ ᠨᠡᠶᠢᠴᠡᠬᠦ ᠦᠭᠡᠢ ᠶᠤᠮ᠃ ᠡᠯ᠎ᠡ ᠲᠠᠯ᠎ᠠ ᠶᠢᠨ ᠬᠢᠨ ᠮᠥᠷᠭᠦᠯᠳᠦᠭᠡᠨ ᠢ ᠠᠯᠢ ᠲᠦᠷᠭᠡᠨ ᠢᠶᠠᠷ ᠨᠠᠮᠳᠠᠭᠤᠯᠬᠤ ᠶᠢ ᠠᠬᠢᠭᠤᠯᠵᠤ᠂ ᠪᠠᠴᠢᠮ ᠪᠠᠶᠢᠳᠠᠯ ᠢ ᠤᠯᠠᠮ ᠨᠢᠭᠡ ᠠᠯᠬᠤᠮ ᠬᠦᠨᠳᠦᠷᠡᠭᠦᠯᠬᠦ ᠠᠴᠠ ᠵᠠᠶᠢᠯᠠᠰᠬᠢᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠲᠣᠭᠲᠠᠭᠤᠨ ᠢ ᠰᠡᠷᠭᠦᠭᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃  ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠦᠽᠪᠤᠺᠰᠲ᠋ᠠᠨ ᠤ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠲᠤᠬᠠᠢ ᠬᠤᠶᠠᠷ ᠲᠠᠯ᠎ᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃     ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号