ᠰᠢ ᠶᠢᠨ ᠫᠢᠩ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠠᠭᠤᠯᠵᠠᠪᠠ
ᠨᠡᠶᠢᠲᠡᠯᠡᠭᠰᠡᠨ ᠴᠠᠭ᠄
2025/6/19
   ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠶᠠᠩ ᠢ ᠵᠢᠶᠦ᠋ᠨ ᠯᠢᠦ ᠺᠠᠢ︶ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠪᠠᠶᠢᠬᠤ ᠬᠤᠭᠤᠴᠠᠭᠠᠨ ᠳᠤ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠠᠭᠤᠯᠵᠠᠪᠠ᠃   ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ᠂ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠵᠠᠢ᠃ ᠡᠨᠡ ᠵᠢᠯ ᠤᠨ 2 ᠰᠠᠷ᠎ᠠ ᠳᠤ ᠪᠢᠳᠠ ᠪᠡᠭᠡᠵᠢᠩ ᠳᠤ ᠪᠠᠶᠠᠯᠢᠭ ᠦᠷ᠎ᠡ ᠪᠦᠲᠦᠭᠡᠯ ᠪᠦᠬᠦᠢ ᠠᠭᠤᠯᠵᠠᠯᠲᠠ ᠬᠢᠵᠦ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠠᠮᠲᠤ ᠪᠠᠷ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠵᠦ᠂ ᠬᠤᠶᠠᠷ ᠲᠠᠯ᠎ᠠ ᠶᠢᠨ ᠬᠠᠮᠲᠤ ᠶᠢᠨ ᠪᠠ ᠠᠯᠤᠰ ᠭᠡᠳᠤ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠺᠢᠷᠭᠢᠽᠰᠲ᠋ᠠᠨ ᠤ ᠬᠠᠮᠲᠤᠷᠠᠯᠴᠠᠭ᠎ᠠ ᠶᠢᠨ ᠲᠠᠯ᠎ᠠ ᠪᠠᠷ ᠶᠡᠬᠡᠬᠡᠨ ᠠᠵᠢᠯ ᠶᠠᠪᠤᠳᠠᠯ ᠬᠢᠵᠦ ᠪᠣᠯᠣᠨ᠎ᠠ᠃ ᠬᠤᠶᠠᠷ ᠲᠠᠯ᠎ᠠ ᠪᠠᠷ ᠢᠶᠠᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ︔ ᠬᠤᠯᠪᠣᠯᠳᠤᠨ ᠨᠡᠪᠲᠡᠷᠡᠯᠴᠡᠬᠦ ᠲᠣᠣᠷ ᠢ ᠲᠡᠭᠦᠯᠳᠡᠷᠵᠢᠭᠦᠯᠵᠦ᠂ ᠳᠤᠮᠳᠠᠳᠤ ᠺᠢᠷᠭᠢᠽᠰᠲ᠋ᠠᠨ ᠦᠽᠪᠤᠺᠰᠲ᠋ᠠᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠭᠢᠭᠤᠯᠤᠶ᠎ᠡ︔ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠴᠡᠪᠡᠷ ᠡᠨᠧᠷᠭᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠠᠯ᠎ᠠ ᠪᠠᠷ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠶ᠎ᠠ︔ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠲᠦᠷᠦᠯ ᠵᠦᠢᠯ ᠢ ᠬᠡᠷᠡᠭᠵᠢᠭᠦᠯᠦᠶ᠎ᠡ᠃ ᠳᠤᠮᠳᠠᠳᠤ ᠺᠢᠷᠭᠢᠽᠰᠲ᠋ᠠᠨ ᠬᠤᠶᠠᠷ ᠤᠯᠤᠰ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠭᠦᠷᠳᠡᠭᠴᠢ ᠮᠥᠨ᠂ ᠭᠠᠭᠴᠠ ᠲᠠᠯᠠᠲᠤ ᠦᠵᠡᠯ ᠢ ᠬᠠᠮᠲᠤ ᠪᠠᠷ ᠡᠰᠡᠷᠭᠦᠴᠡᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠡᠷᠡᠰ ᠬᠠᠮᠠᠭᠠᠯᠠᠵᠤ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠶ᠎ᠠ᠃ ᠬᠤᠶᠠᠷ ᠲᠠᠯ᠎ᠠ ᠪᠠᠷ ᠢᠶᠠᠨ ᠤᠷᠢᠳ ᠬᠤᠵᠢᠳ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠶᠢᠨ ᠬᠠᠮᠲᠤ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠠᠷᠢᠯᠴᠠᠨ ᠳᠡᠮᠵᠢᠯᠴᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃   ᠵᠠᠫᠠᠯᠤᠹ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠡᠯᠡᠬᠡᠢ ᠶᠢᠨ ᠲᠠᠪᠴᠠᠩ ᠳᠤ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ ᠺᠢᠷᠭᠢᠽᠰᠲ᠋ᠠᠨ ᠤ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠲᠠᠯ᠎ᠠ ᠶᠢᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ᠂ ᠡᠶᠡᠯᠰᠡᠭ ᠨᠥᠭᠦᠷᠰᠡᠭ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠠᠨᠳᠢᠩᠨᠠᠵᠤ᠂ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠵᠣᠭᠰᠣᠯᠲᠠ ᠶᠢ ᠡᠷᠡᠰ ᠲᠡᠮᠵᠢᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ᠂ ᠠᠯᠢᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ᠂ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠪᠣᠯ ᠺᠢᠷᠭᠢᠽᠰᠲ᠋ᠠᠨ ᠤ ᠬᠠᠮᠤᠭ ᠤᠨ ᠶᠡᠭᠡ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠨᠢᠲᠠᠨ ᠮᠥᠨ᠂ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠦᠢᠯᠡᠰ ᠢᠶᠠᠨ ᠮᠠᠨᠳᠤᠭᠤᠯᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠳᠤᠮᠳᠠᠳᠤ ᠺᠢᠷᠭᠢᠽᠰᠲ᠋ᠠᠨ ᠦᠽᠪᠤᠺᠰᠲ᠋ᠠᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠡᠨᠧᠷᠭᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ᠃ ᠺᠢᠷᠭᠢᠽᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠳᠤᠮᠳᠠ ᠨᠢᠭᠲᠠ ᠵᠣᠬᠢᠴᠠᠭᠤᠯᠭ᠎ᠠ ᠪᠠ ᠬᠠᠮᠲᠤᠷᠠᠯᠴᠠᠭ᠎ᠠ ᠬᠢᠵᠦ᠂ ᠭᠠᠵᠠᠷ ᠣᠷᠣᠨ ᠪᠠ ᠳᠡᠯᠡᠬᠡᠢ ᠶᠢᠨ ᠠᠮᠤᠷ ᠲᠦᠪᠰᠢᠨ ᠲᠣᠭᠲᠠᠭᠤᠨ ᠪᠠ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃     ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠬᠥᠳᠡᠭᠡ ᠠᠵᠤ ᠠᠬᠤᠢ᠂ ᠪᠣᠭᠤᠮᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃     ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号