ᠯᠢ ᠴᠢᠶᠠᠩ ᠵᠢᠶᠠᠩᠰᠤ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠭᠰᠠᠨ ᠨᠢ᠄ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ ᠪᠦᠲᠦᠮᠵᠢᠲᠡᠶ ᠬᠡᠷᠡᠭᠴᠡᠭᠡ ᠶᠢ ᠬᠦᠴᠦᠯᠡᠨ ᠥᠷᠭᠡᠳᠬᠡᠵᠦ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/6/19
   ᠰᠢᠨᠬᠤᠸᠠ ᠬᠤᠷᠢᠶᠠᠨ ᠤ ᠨᠠᠨᠵᠢᠩ ᠤᠨ 6 ᠳ᠋ᠤᠭᠠᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠵᠢᠶᠠᠩᠰᠤ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ᠂ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃   ᠯᠢ ᠴᠢᠶᠠᠩ ᠰᠢᠦ᠋ᠢᠵᠸᠦ ᠬᠤᠳᠠ᠂ ᠨᠠᠨᠵᠢᠩ ᠬᠤᠳᠠ ᠳᠤ ᠤᠷᠢᠳ ᠬᠤᠵᠢᠳ ᠬᠦᠷᠴᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠢᠨᠵᠧᠨᠧᠷᠢᠩ ᠤᠨ ᠲᠤᠬᠠᠢ ᠶᠢᠨ ᠲᠠᠯᠠᠪᠠᠢ᠂ ᠠᠷᠠᠯᠵᠢᠶᠠᠨ ᠤ ᠬᠠᠮᠲᠤᠷᠠᠯᠴᠠᠭᠠᠨ ᠤ ᠲᠠᠪᠴᠠᠩ ᠵᠡᠷᠭᠡ ᠳᠤ ᠬᠦᠷᠴᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠢ ᠣᠶᠢᠯᠠᠭᠠᠪᠠ ᠃ ᠵᠢᠶᠠᠩᠰᠤ ᠶᠢᠨ ᠬᠤᠢ ᡁᠢ ᠳᠡᠭᠡᠳᠦ ᠲᠡᠰ ᠤᠨ ᠢᠨᠵᠧᠨᠧᠷᠢᠩ ᠤᠨ ᠮᠠᠰᠢᠨ ᠮᠧᠬᠠᠨᠢᠭ ᠤᠨ ᠰᠢᠨ᠎ᠡ ᠡᠭᠦᠳᠦᠯᠲᠡ ᠶᠢᠨ ᠲᠥᠪ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠲᠤᠷᠰᠢᠯᠲᠠ ᠶᠢᠨ ᠲᠦᠷᠦᠯ ᠵᠦᠢᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠰᠡᠯᠪᠢᠭ ᠲᠤᠨᠤᠭ ᠪᠠ ᠦᠢᠯᠡᠳᠬᠦᠨ ᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠬᠤ ᠳᠤ ᠪᠠᠨ᠂ ᠢᠨᠵᠧᠨᠧᠷᠢᠩ ᠤᠨ ᠮᠠᠰᠢᠨ ᠮᠧᠬᠠᠨᠢᠭ ᠤᠨ ᠠᠵᠢᠯ ᠲᠦᠷᠦᠯ ᠤᠨ ᠳᠡᠭᠡᠳᠦ ᠳᠡᠰᠵᠢᠭᠦᠯᠦᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠶᠢᠵᠢᠭᠦᠯᠦᠭᠰᠡᠨ ᠬᠥᠭᠵᠢᠯᠲᠡ ᠪᠣᠯ ᠶᠡᠭᠡ ᠬᠠᠨᠳᠤᠰᠢ ᠮᠥᠨ᠃ ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠵᠣᠬᠢᠶᠠᠮᠠᠯ ᠤᠶᠤᠨ᠂ ᠴᠡᠪᠡᠷ ᠡᠨᠧᠷᠭᠢ ᠵᠡᠷᠭᠡ ᠮᠡᠷᠭᠡᠵᠢᠯ ᠢ ᠢᠳᠡᠪᠬᠢᠲᠡᠢ ᠠᠰᠢᠭᠯᠠᠵᠤ᠂ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠲᠦᠷᠦᠯ ᠤᠨ ᠡᠬᠢ ᠪᠠᠶᠠᠯᠢᠭ ᠢ ᠨᠢᠭᠲᠠᠷᠠᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠦᠴᠦᠨ ᠡᠨᠧᠷᠭᠢ ᠣᠯᠭᠤᠬᠤ ᠶᠢ ᠠᠬᠢᠭᠤᠯᠬᠤ ᠬᠡᠷᠡᠭᠲᠡᠢ ᠭᠡᠵᠡᠢ᠃ ᠭᠠᠵᠠᠷ ᠤᠨ ᠭᠦᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠶᠦᠨ ᠯᠦᠩ ᠬᠤ᠋ ᠨᠠᠭᠤᠷ ᠤᠨ ᠲᠤᠷᠰᠢᠯᠲᠠ ᠶᠢᠨ ᠲᠠᠰᠤᠭ ᠲᠤ ᠬᠦᠷᠴᠦ᠂ ᠯᠢ ᠴᠢᠶᠠᠩ ᠬᠤᠯᠪᠣᠭᠳᠠᠯ ᠪᠦᠬᠦᠢ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠠᠬᠢᠴᠠ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠤᠯᠠᠨ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠷᠡᠭᠴᠡᠭᠡ ᠶᠢ ᠪᠦᠲᠦᠮᠵᠢᠲᠡᠢ ᠤᠶᠠᠯᠳᠤᠭᠤᠯᠵᠤ᠂ ᠴᠢᠬᠤᠯᠠ ᠶᠡᠭᠡ ᠠᠩᠬᠠᠨ ᠤ ᠰᠢᠨ᠎ᠡ ᠡᠭᠦᠳᠦᠯᠲᠡ ᠪᠠ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠠᠵᠤ ᠦᠢᠯᠡᠰᠵᠢᠯᠲᠡ ᠪᠠᠷ ᠨᠤᠲᠤᠭᠰᠢᠭᠤᠯᠬᠤ ᠨᠠᠶᠢᠳᠠᠪᠤᠷᠢᠵᠢᠭᠤᠯᠤᠯᠲᠠ ᠪᠠ ᠵᠠᠬ᠎ᠠ ᠳᠡᠯᠭᠡᠭᠦᠷ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠬᠦ ᠶᠢ ᠬᠦᠰᠡᠪᠡ᠃ ᠨᠠᠨᠵᠢᠩ ᠤᠨ ᠠᠲ᠋ᠣᠮ ᠤᠨ ᠦᠢᠯᠡᠳᠬᠡᠯ ᠤᠨ ᠰᠤᠳᠤᠯᠭᠠᠨ ᠤ ᠭᠠᠵᠠᠷ ᠲᠤ᠂ ᠯᠢ ᠴᠢᠶᠠᠩ ᠠᠲ᠋ᠣᠮ ᠤᠨ ᠲᠡᠰ ᠤᠨ ᠦᠢᠯᠡᠳᠬᠦ ᠮᠡᠷᠭᠡᠵᠢᠯ ᠤᠨ ᠬᠥᠭᠵᠢᠯᠲᠡ ᠵᠡᠷᠭᠡ ᠪᠠᠶᠢᠳᠠᠯ ᠤᠳ ᠢ ᠣᠶᠢᠯᠠᠭᠠᠵᠤ᠂ ᠳᠡᠳᠡᠨ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢᠶᠠᠨ ᠲᠣᠭᠲᠠᠭᠠᠵᠤ᠂ ᠪᠠᠷᠠᠯᠠᠯ ᠴᠢᠨᠠᠷᠲᠠᠢ ᠪᠠᠶᠢᠷᠢᠰᠢᠭᠤᠯᠤᠯᠲᠠ ᠪᠠᠨ ᠴᠢᠩᠭᠠᠳᠬᠠᠵᠤ᠂ ᠰᠠᠭᠤᠷᠢ ᠰᠤᠳᠤᠯᠭᠠᠨ ᠢ ᠭᠦᠨᠵᠡᠭᠡᠢ ᠥᠷᠨᠢᠭᠦᠯᠵᠦ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠣᠯᠪᠢᠴᠠᠨ ᠠᠭᠤᠰᠤᠯᠴᠠᠭᠤᠯᠬᠤ ᠰᠢᠨ᠎ᠡ ᠡᠭᠦᠳᠦᠯᠲᠡ ᠪᠠ ᠨᠡᠭᠡᠭᠡᠯᠲᠡᠲᠤ ᠬᠠᠮᠲᠤᠷᠠᠯᠴᠠᠭ᠎ᠠ ᠪᠠᠨ ᠠᠬᠢᠭᠤᠯᠵᠤ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠦ ᠵᠣᠷᠢᠭᠵᠢᠭᠤᠯᠪᠠ᠃   ᠯᠢ ᠴᠢᠶᠠᠩ ᠨᠠᠨᠵᠢᠩ ᠬᠤᠶᠢᠲᠤ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠥᠯᠦᠪᠵᠢᠭᠦᠯᠭᠡ ᠵᠢᠷᠤᠭᠯᠠᠯ᠂ ᠪᠠᠷᠢᠯᠭ᠎ᠠ ᠶᠢᠨ ᠠᠵᠢᠯ ᠤᠨ ᠠᠬᠢᠴᠠ ᠶᠢ ᠣᠶᠢᠯᠠᠭᠠᠵᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠢ ᠪᠠᠷᠠᠯᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠨᠠᠷ ᠲᠠᠢ ᠶᠠᠷᠢᠯᠴᠠᠵᠤ᠂ ᠥᠨᠳᠥᠷ ᠪᠠᠷᠢᠮᠵᠢᠶ᠎ᠠ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠢ ᠰᠦᠪᠡᠭᠴᠢᠯᠡᠵᠦ᠂ ᠢᠵᠢ ᠪᠦᠷᠢᠳᠦᠭᠰᠡᠨ ᠪᠡᠯᠡᠳᠬᠡᠮᠵᠢ ᠪᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠲᠥᠯᠥᠪᠯᠡᠵᠦ᠂ ᠲᠦᠷᠦᠯ ᠵᠦᠢᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠴᠢᠬᠤᠯᠠᠴᠢᠯᠠᠬᠤ ᠳᠤ ᠪᠠᠨ᠂ ᠶᠠᠰᠤ ᠴᠢᠨᠠᠷ ᠨᠢ ᠶᠠᠭᠤᠨ ᠠᠴᠠ ᠴᠤ ᠴᠢᠬᠤᠯᠠ ᠶᠤᠮ᠂ ᠵᠠᠭᠤᠨ ᠵᠢᠯ ᠤᠨ ᠶᠡᠭᠡ ᠪᠣᠳᠣᠯᠭ᠎ᠠ ᠶᠢᠨ ᠱᠠᠭᠠᠷᠳᠠᠯᠭ᠎ᠠ ᠪᠠᠷ ᠭᠤᠭᠴᠤᠭ᠎ᠠ ᠨᠢᠭᠡ ᠪᠦᠷᠢ ᠶᠢ ᠰᠠᠶᠢᠲᠤᠷ ᠡᠵᠡᠮᠳᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠪᠥᠸᠧ ᠰᠢ ᠭᠡᠷ ᠤᠨ ᠴᠠᠬᠢᠯᠭᠠᠨ ᠬᠡᠷᠡᠭᠰᠡᠯ ︵ᠳᠤᠮᠳᠠᠳᠤ ᠤᠯᠤᠰ︶ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠯᠢ ᠴᠢᠶᠠᠩ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠪᠠᠶᠢᠳᠠᠯ ᠤᠳ ᠢ ᠣᠶᠢᠯᠠᠭᠠᠵᠤ᠂ ᠬᠡᠷᠡᠭᠯᠡᠭᠡ ᠶᠢᠨ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠦᠷ᠎ᠡ ᠪᠦᠲᠦᠮᠵᠢ ᠶᠢ ᠨᠢᠮᠪᠠᠢ ᠠᠰᠠᠭᠤᠨ ᠯᠠᠪᠯᠠᠵᠤ᠂ ᠲᠡᠳᠡᠨ ᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠬᠡᠷᠡᠭᠯᠡᠭᠴᠢᠳ ᠤᠨ ᠰᠢᠨ᠎ᠡ ᠬᠡᠷᠡᠭᠴᠡᠭᠡᠨ ᠤ ᠲᠣᠭᠤᠷᠢᠨ ᠳᠤ ᠨᠠᠩ ᠣᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠶᠢ ᠬᠦᠰᠡᠪᠡ᠃ ᠲᠡᠷᠡ᠂ ᠳᠤᠮᠳᠠᠳᠤ ᠤᠯᠤᠰ ᠲᠤ ᠬᠡᠪᠴᠢᠶ᠎ᠡ ᠪᠠᠷ ᠯᠤᠲᠤ ᠶᠡᠭᠡ᠂ ᠲᠠᠰᠤᠷᠠᠯᠲᠠ ᠦᠭᠡᠢ ᠦᠰᠦᠨ ᠪᠤᠶᠢᠵᠢᠵᠤ ᠪᠠᠶᠢᠭ᠎ᠠ ᠵᠠᠬ᠎ᠠ ᠳᠡᠯᠭᠡᠭᠦᠷ ᠪᠣᠢ᠂ ᠡᠯ᠎ᠡ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠲᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠭᠦᠨᠵᠡᠭᠡᠶᠢᠷᠡᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠦᠶ᠎ᠡ ᠭᠡᠵᠦ ᠬᠡᠯᠡᠪᠡ᠃   ᠵᠢᠶᠠᠩᠰᠤ ᠳᠠᠬᠢ ᠳᠤᠮᠳᠠ ᠠᠽᠢᠶ᠎ᠠ ᠶᠢᠨ ᠲᠥᠪ ᠲᠤ ᠬᠦᠷᠴᠦ᠂ ᠯᠢ ᠴᠢᠶᠠᠩ ᠲᠠᠪᠴᠠᠩ ᠤᠨ ᠠᠵᠢᠯᠯᠠᠭᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠳᠤᠮᠳᠠᠳᠤ ᠤᠯᠤᠰ ᠪᠠ ᠳᠤᠮᠳᠠ ᠠᠽᠢᠶ᠎ᠠ ᠶᠢᠨ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠪᠠᠶᠢᠳᠠᠯ ᠢ ᠨᠢᠮᠪᠠᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠬᠤ ᠳᠤ ᠪᠠᠨ᠂ ᠨᠡᠭᠡᠭᠡᠯᠲᠡ ᠬᠢᠵᠦ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠬᠥᠭᠵᠢᠵᠦ ᠴᠢᠳᠠᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠷᠢᠯᠴᠠᠨ ᠠᠰᠢᠭᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃   ᠯᠢ ᠴᠢᠶᠠᠩ ᠵᠢᠭᠠᠵᠤ ᠭᠠᠷᠭᠠᠬᠤ ᠳᠤ ᠪᠠᠨ᠂ ᠵᠢᠶᠠᠩᠰᠤ ᠶᠢᠨ ᠠᠵᠤ ᠠᠬᠤᠢ ᠶᠢᠨ ᠰᠠᠭᠤᠷᠢ ᠰᠠᠶᠢᠨ ᠪᠥᠭᠡᠳ ᠪᠣᠳᠠᠲᠤ ᠬᠦᠴᠦᠨ ᠴᠢᠩᠭ᠎ᠠ ᠪᠠᠶᠢᠬᠤ ᠪᠣᠯᠬᠤᠷ ᠨᠡᠩ ᠥᠨᠳᠥᠷ ᠬᠥᠭᠵᠢᠯᠲᠡ ᠶᠢᠨ ᠱᠠᠭᠠᠷᠳᠠᠯᠭ᠎ᠠ ᠲᠠᠢ ᠶᠤᠮ᠃ ᠵᠢᠶᠠᠩᠰᠤ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠬᠥᠭᠵᠢᠯᠲᠡ ᠶᠢ ᠰᠤᠯᠠᠷᠠᠭᠤᠯᠤᠯ ᠦᠭᠡᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠲᠡᠮᠡᠴᠡᠵᠦ᠂ ᠠᠵᠤ ᠠᠬᠤᠢ ᠶᠢᠨ ᠬᠥᠭᠵᠢᠯᠲᠡ ᠪᠠᠷ ᠲᠣᠮᠣ ᠮᠤᠵᠢ ᠶᠢᠨ ᠭᠤᠣᠯ ᠲᠤᠯᠭᠠᠭᠤᠷᠢ ᠪᠣᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃   ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号