ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠭᠦᠨᠵᠡᠭᠡᠢ ᠠᠭᠤᠳᠠᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ︽ᠤᠮᠠᠷᠠᠲᠤ ᠬᠢᠯᠢ ᠶᠢᠨ ᠰᠣᠶᠣᠯ | ︾ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠤᠳᠬ᠎ᠠ ᠤᠷᠠᠯᠢᠭ ᠤᠨ ᠠᠵᠢᠯᠲᠠᠨ᠂ | ᠤᠷᠠᠯᠢᠭᠴᠢᠨ 30 ᠭᠠᠷᠤᠢ ᠬᠥᠮᠦᠨ ᠢ ᠵᠣᠬᠢᠶᠠᠨ ᠪᠠᠶᠢᠭᠤᠯᠵᠤ ᠬᠤᠰᠢᠭᠤᠨ ᠤ ᠳᠠᠩᠰᠠ ᠡᠪᠬᠡᠮᠡᠯ ᠲᠡᠦᠬᠡ | ᠣᠶᠢᠯᠠᠯᠭ᠎ᠠ ᠶᠢᠨ ᠣᠷᠳᠣᠨ ᠪᠠ ᠮᠦᠽᠧᠢ ᠳᠤ ᠬᠦᠷᠴᠦ᠂ ᠲᠤᠰᠬᠠᠢ ᠰᠡᠳᠦᠪᠲᠦ ᠦᠯᠢᠭᠡᠷ ᠠᠪᠬᠤ ᠪᠠᠶᠢᠴᠠᠭᠠᠨ | ᠰᠤᠳᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠰᠠᠯᠬᠢ ᠠᠪᠴᠤ ᠪᠠᠶᠢᠴᠠᠭᠠᠨ ᠰᠤᠳᠤᠯᠬᠤ ᠪᠦᠯᠬᠦᠮ ᠤᠷᠢᠳ ᠬᠤᠵᠢᠳ | ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ︽ᠳᠠᠩᠰᠠ ᠡᠪᠬᠡᠮᠡᠯ ᠳᠣᠲᠣᠷᠠᠬᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ︾ ᠭᠡᠬᠦ ᠭᠤᠣᠯ ᠰᠡᠳᠦᠪᠲᠦ ᠦᠵᠡᠭᠦᠯᠦᠯᠭᠡ᠂ ︽ᠳᠤᠮᠳᠠᠳᠤ ᠤᠯᠤᠰ ᠤᠨ | ᠡᠪ ᠬᠠᠮᠲᠤᠴᠤᠳ ᠤᠨ ᠭᠡᠷ ᠤᠨ ᠰᠤᠷᠲᠠᠯ ᠤᠨ ᠳᠠᠩᠰᠠ ᠡᠪᠬᠡᠮᠡᠯ ᠤᠨ ᠦᠵᠡᠭᠦᠯᠦᠯᠭᠡ︾᠂ ᠬᠤᠰᠢᠭᠤᠨ ᠤ | ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢᠨ ᠲᠢᠩᠬᠢᠮ᠂ ︽ᠬᠠᠭᠤᠴᠢᠨ ᠴᠠᠶᠢᠵᠠ | ᠲᠦᠩ ᠹᠧᠩ - ᠤᠷᠲᠤ ᠴᠠᠭᠠᠨ ᠬᠡᠷᠡᠮ ᠵᠢᠴᠢ ᠤᠷᠲᠤ ᠴᠠᠭᠠᠨ ᠬᠡᠷᠡᠮ ᠣᠷᠣᠨ ᠤ ᠰᠣᠶᠣᠯ ᠤᠨ ᠠᠭᠤᠰᠤᠯᠴᠠᠯ︾ ᠤᠨ | ᠦᠵᠡᠰᠬᠦᠯᠡᠩ᠂ ︽ᠪᠠᠳᠠᠷᠠᠨ ᠪᠢᠯᠬᠠᠵᠤ ᠢᠷᠡᠭᠡᠳᠦᠢ ᠪᠠᠨ ᠬᠠᠮᠲᠤ ᠪᠠᠷ ᠵᠢᠷᠤᠭᠯᠠᠶ᠎ᠠ︾ ᠤᠷᠠᠨ ᠪᠢᠴᠢᠯᠭᠡ ᠤᠷᠠᠨ | ᠵᠢᠷᠤᠭ ᠤᠨ ᠬᠠᠮᠲᠤᠷᠠᠭᠰᠠᠨ ᠦᠵᠡᠰᠬᠦᠯᠡᠩ ᠵᠡᠷᠭᠡ ᠡᠯ᠎ᠡ ᠲᠥᠷᠥᠯ ᠤᠨ ᠦᠵᠡᠰᠬᠦᠯᠡᠩ ᠢ ᠲᠣᠭᠤᠷᠢᠨ ᠦᠵᠡᠪᠡ᠃ | ᠳᠠᠩᠰᠠ ᠡᠪᠬᠡᠮᠡᠯ ᠤᠨ ᠮᠠᠲ᠋ᠧᠷᠢᠶᠠᠯ ᠢ ᠤᠷᠪᠠᠭᠤᠯᠤᠨ ᠦᠵᠡᠬᠦ᠂ ᠭᠡᠷᠡᠯ ᠵᠢᠷᠤᠭ ᠦᠵᠡᠬᠦ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠣᠳᠠᠲᠤ ᠪᠣᠳᠠᠰ ᠢ ᠲᠣᠭᠤᠷᠢᠨ ᠦᠵᠡᠬᠦ ᠪᠠᠷ ᠳᠠᠮᠵᠢᠨ᠂ ᠤᠷᠠᠯᠢᠭᠴᠢᠳ᠂ ᠤᠳᠬ᠎ᠠ ᠤᠷᠠᠯᠢᠭ ᠤᠨ | ᠠᠵᠢᠯᠲᠠᠳ ᠲᠤᠬᠠᠢ ᠶᠢᠨ ᠭᠠᠵᠠᠷ ᠤᠨ ᠬᠤᠪᠢᠰᠬᠠᠯ ᠤᠨ ᠲᠡᠦᠬᠡ᠂ ᠤᠯᠠᠮᠵᠢᠯᠠᠯᠲᠤ ᠰᠣᠶᠣᠯ᠂ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠵᠢᠴᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠲᠡᠦᠬᠡ ᠶᠢ ᠨᠡᠩ ᠭᠦᠨᠵᠡᠭᠡᠢ ᠣᠶᠢᠯᠠᠭᠠᠵᠤ᠂ ᠬᠤᠶᠢᠰᠢᠳᠠ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤ | ᠡᠯᠪᠡᠭ ᠪᠠᠶᠠᠯᠢᠭ ᠪᠣᠷᠣ ᠮᠠᠲ᠋ᠧᠷᠢᠶᠠᠯ ᠤᠨ ᠡᠬᠢ ᠪᠠᠶᠠᠯᠢᠭ ᠪᠠ ᠰᠡᠬᠡᠭᠡᠷᠡᠭᠦᠯᠬᠦ ᠲᠥᠷᠥᠭᠳᠡᠯ ᠢ ᠡᠵᠡᠮᠰᠢᠵᠡᠢ᠃ | ᠦᠯᠢᠭᠡᠷ ᠠᠪᠴᠤ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠤᠷᠠᠯᠢᠭᠴᠢᠳ ᠬᠤᠶᠢᠨ᠎ᠠ | ᠬᠤᠶᠢᠨ᠎ᠠ ᠠᠴᠠ ᠪᠠᠨ ︽ᠡᠯᠪᠡᠭ ᠬᠤᠷᠢᠶᠠᠯᠲᠠ ᠣᠯᠵᠤ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠲᠤᠯᠭᠤᠷ | ᠪᠢᠴᠢᠭ᠂ ᠠᠷᠠᠳ ᠤᠨ ᠵᠠᠩ ᠦᠢᠯᠡ ᠶᠢᠨ ᠪᠠᠭᠠᠵᠢ ᠬᠡᠷᠡᠭᠰᠡᠯ ᠵᠡᠷᠭᠡ ᠶᠢ ᠭᠦᠨ ᠲᠠᠲᠠᠭᠰᠠᠨᠠ︾ ᠭᠡᠵᠦ ᠢᠯᠡᠳᠬᠡᠵᠡᠭᠡᠪᠡ | ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠦᠷᠭᠦᠯᠵᠢᠯᠡᠨ ᠵᠣᠬᠢᠶᠠᠨ ᠪᠠᠶᠢᠭᠤᠯᠵᠤ ᠬᠤᠪᠢᠶᠠᠯᠴᠠᠨ ᠡᠳ᠋ᠯᠡᠬᠦ ᠬᠤᠷᠠᠯ ᠢ ᠵᠣᠬᠢᠶᠠᠨ ᠪᠠᠶᠢᠭᠤᠯᠬᠤ ᠶᠢᠨ ᠬᠠᠮᠲᠤ ᠤᠳᠬ᠎ᠠ | ᠵᠣᠬᠢᠶᠠᠯ᠂ ᠵᠢᠷᠤᠭ᠂ ᠭᠡᠷᠡᠯ ᠵᠢᠷᠤᠭ ᠵᠡᠷᠭᠡ ᠣᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠤᠭᠰᠠᠨ ᠤᠮᠠᠷᠠᠲᠤ | ᠬᠢᠯᠢ ᠶᠢᠨ ᠰᠣᠶᠣᠯ ᠤᠨ ᠭᠤᠣᠯ ᠰᠡᠳᠦᠪᠲᠦ ᠪᠦᠲᠦᠭᠡᠯ ᠢ ᠪᠦᠷᠢᠯᠳᠦᠭᠦᠯᠬᠦ ᠶᠢ ᠠᠬᠢᠭᠤᠯᠵᠤ᠂ ᠦᠵᠡᠰᠬᠦᠯᠡᠩ ᠤᠨ | ᠦᠵᠡᠭᠦᠯᠦᠯᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠲᠠᠲᠠᠬᠤ | ᠬᠦᠴᠦᠨ ᠪᠠ ᠭᠦᠨ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ | ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠤᠨ᠎ᠠ᠃ | |