ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠠᠶᠠᠯᠠᠯ ᠢᠶᠠᠨ ᠡᠬᠢᠯᠡᠬᠦᠯᠦᠨ᠎ᠡ
ᠨᠡᠶᠢᠲᠡᠯᠡᠭᠰᠡᠨ ᠴᠠᠭ᠄
2025/6/20
     ᠡᠨᠡ ᠵᠢᠯ᠂ ︽ᠮᠥᠩᠬᠡ ᠰᠤᠪᠠᠭ︾ ᠰᠢᠯᠵᠢᠮᠡᠯ ᠤᠲᠠᠰᠤ ᠨᠡᠪᠲᠡᠷᠡᠭᠰᠡᠨ ᠲᠠᠪᠤᠨ ᠵᠢᠯ ᠤᠨ ᠣᠢ ᠶᠢᠨ ᠴᠢᠬᠤᠯᠠ ᠵᠠᠩᠭᠢᠯᠠᠭ᠎ᠠ ᠶᠢᠨ ᠴᠡᠭ ᠢ ᠤᠭᠲᠤᠨ ᠠᠪᠴᠢᠷᠠᠵᠠᠢ᠃ ᠲᠠᠪᠤᠨ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠣᠯᠠᠨ ᠠᠷᠭ᠎ᠠ ᠵᠠᠮ ᠢᠶᠠᠷ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠬᠡᠯᠪᠡᠷᠢ ᠪᠠᠷ ᠪᠠᠶᠠᠯᠢᠭ᠂ ᠥᠷᠭᠡᠨ ᠢᠶᠠᠷ ᠬᠠᠮᠤᠷᠤᠭᠰᠠᠨ ︽ᠮᠥᠩᠬᠡ ᠰᠤᠪᠠᠭ︾ APP ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠬᠤᠷᠤᠭᠤᠨ ᠦᠵᠦᠭᠦᠷ ᠢᠶᠠᠷ ᠠᠵᠢᠯ ᠶᠠᠪᠤᠳᠠᠯ ᠭᠦᠢᠴᠡᠳᠬᠡᠬᠦ︾ ᠳᠥᠭᠦᠮ ᠳᠥᠲᠡ ᠦᠢᠯᠡᠴᠢᠯᠡᠭᠡ ᠪᠠᠷ ᠪᠦᠬᠦ ᠬᠤᠰᠢᠭᠤᠨ ᠤ ᠣᠯᠠᠨ ᠲᠦᠮᠡᠨ ᠳᠤ ᠠᠰᠢᠭ ᠬᠦᠷᠲᠡᠭᠡᠪᠡ᠃ ᠲᠣᠮᠣ ᠳᠡᠯᠭᠡᠴᠡ ᠶᠢ ᠠᠱᠢᠭᠯᠠᠨ ︽ᠠᠯᠠᠭᠠᠨ ᠳᠡᠭᠡᠷᠡᠬᠢ ᠮᠥᠩᠬᠡ ᠰᠤᠪᠠᠭ︾ ᠭᠤᠣᠯ ᠰᠡᠳᠦᠪᠲᠦ ᠸᠢᠳᠢᠣ᠋ ᠨᠡᠪᠲᠡᠷᠡᠭᠦᠯᠬᠦ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ᠤᠬᠠᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠲᠣᠮᠣ ᠳᠡᠯᠭᠡᠴᠡ ᠶᠢ ᠭᠦᠢᠴᠡᠳ ᠠᠰᠢᠭᠯᠠᠨ ︽ᠠᠯᠠᠭᠠᠨ ᠳᠡᠭᠡᠷᠡᠬᠢ ᠮᠥᠩᠬᠡ ᠰᠤᠪᠠᠭ︾ ᠤᠨ ᠭᠤᠣᠯ ᠰᠡᠳᠦᠪᠲᠦ ᠸᠢᠳᠢᠣ᠋ ᠶᠢ ᠡᠷᠭᠢᠯᠳᠦᠭᠦᠯᠦᠨ ᠨᠡᠪᠲᠡᠷᠡᠭᠦᠯᠵᠦ᠂ ᠲᠤᠰᠬᠠᠢ ᠬᠥᠮᠦᠨ ᠲᠣᠬᠢᠷᠠᠭᠤᠯᠤᠨ ᠣᠯᠠᠨ ᠲᠦᠮᠡᠨ ᠳᠤ ︽ᠮᠥᠩᠬᠡ ᠰᠤᠪᠠᠭ︾ APP ᠶᠢᠨ ᠭᠤᠣᠯ ᠴᠢᠳᠠᠮᠵᠢ ᠪᠠ ᠠᠵᠢᠯᠯᠠᠭᠠᠨ ᠤ ᠶᠠᠪᠤᠴᠠ ᠶᠢ ᠲᠠᠶᠢᠯᠪᠤᠷᠢᠯᠠᠨ ᠥᠭᠪᠡ᠃ ᠡᠭᠦᠨ ᠤ ᠬᠠᠮᠲᠤ᠂ ᠠᠵᠢᠯᠲᠠᠳ ᠶᠡᠭᠡ ᠲᠢᠩᠬᠢᠮ ᠳᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ︽ᠮᠥᠩᠬᠡ ᠰᠤᠪᠠᠭ︾ APP᠂ ︽ᠲᠧᠯᠸᠢᠰ ᠤᠨ ᠠᠯᠪᠠᠨ ᠭᠡᠷ︾ ᠤᠨ ᠦᠢᠯᠡᠴᠢᠯᠡᠭᠡᠨ ᠤ ᠵᠦᠭᠯᠡᠭᠦᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠤ ︽ᠮᠥᠩᠬᠡ ᠰᠤᠪᠠᠭ︾ App ᠲᠤᠬᠠᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠯᠲᠠ ᠶᠢ ᠴᠢᠩᠭᠠᠳᠬᠠᠨ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠪᠠ ᠣᠯᠠᠨ ᠲᠦᠮᠡᠨ ᠤ ᠮᠡᠳᠡᠷᠡᠮᠵᠢ ᠶᠢ ᠳᠡᠭᠡᠭᠰᠢᠯᠡᠭᠦᠯᠪᠡ᠃ ︽ᠮᠢᠨᠦ ᠦᠵᠡᠬᠦ ᠪᠠᠷ ︿ᠮᠥᠩᠬᠡ ᠰᠤᠪᠠᠭ﹀ ᠤᠨ ᠴᠢᠳᠠᠮᠵᠢ ᠣᠨᠴᠠᠭᠠᠢ ᠪᠦᠷᠢᠨ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠮᠠᠰᠢ ᠲᠣᠳᠣᠷᠬᠠᠢ ᠪᠠᠶᠢᠨ᠎ᠠ᠂ ᠪᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠶ᠋ᠴᠡᠳᠬᠡᠬᠦ ᠲᠠᠢ ᠠᠳᠠᠯᠢ ᠪᠠᠷ ᠰᠢᠭᠤᠳ ᠭᠠᠷ ᠤᠲᠠᠰᠤᠨ ᠳᠡᠭᠡᠷ᠎ᠡ ᠠᠵᠢᠯᠯᠠᠭᠤᠯᠵᠤ ᠪᠣᠯᠤᠨ᠎ᠠ᠃ ᠪᠠᠰᠠ ᠤᠴᠢᠷ ᠶᠠᠪᠤᠳᠠᠯ ᠢ ᠤᠷᠢᠳᠴᠢᠯᠠᠨ ᠪᠣᠯᠵᠣᠵᠤ᠂ ᠲᠤᠬᠠᠢ ᠶᠢᠨ ᠲᠠᠯᠠᠪᠤᠷ ᠲᠤ ᠬᠦᠷᠴᠦ ᠰᠢᠭᠤᠳ ᠰᠢᠢᠳᠪᠦᠷᠢᠯᠡᠵᠦ᠂ ᠮᠠᠰᠢ ᠣᠯᠠᠨ ᠴᠠᠭ ᠪᠠ ᠣᠶᠤᠨ ᠴᠢᠳᠠᠯ ᠢᠶᠠᠨ ᠠᠷᠪᠢᠯᠠᠵᠠᠢ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠠᠷᠠᠳ ᠪᠦᠦ ᠢᠦᠢ ᠮᠧᠢ ᠬᠡᠯᠡᠪᠡ᠃    ︽ᠰᠦᠯᠵᠢᠶᠡᠨ ᠳᠡᠭᠡᠷᠡᠬᠢ ᠮᠥᠩᠬᠡ ᠰᠤᠪᠠᠭ︾ ᠤᠨ ᠤᠬᠠᠭᠤᠯᠭ᠎ᠠ ᠶᠢᠨ ᠲᠠᠯ᠎ᠠ ᠪᠠᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ ᠨᠢ ︽ᠮᠥᠩᠬᠡ ᠰᠤᠪᠠᠭ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠨᠡᠶᠢᠲᠡᠯᠡᠭᠰᠡᠨ ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠯᠵᠢᠭᠦᠯᠦᠨ ᠨᠡᠶᠢᠲᠡᠯᠡᠵᠦ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠴᠢᠳᠠᠮᠵᠢ ᠶᠢᠨ ᠲᠠᠨᠢᠯᠴᠠᠭᠤᠯᠭ᠎ᠠ ᠵᠡᠷᠭᠡ ᠶᠢ ᠬᠡᠷᠡᠭᠯᠡᠭᠴᠢ ᠳᠤ ᠨᠠᠷᠢᠯᠢᠭ ᠣᠨᠣᠴᠠᠲᠠᠢ ᠪᠠᠷ ᠬᠦᠷᠭᠡᠬᠦ ᠶᠢᠨ ᠬᠠᠮᠲᠤ ︽ᠮᠥᠩᠬᠡ ᠰᠤᠪᠠᠭ︾ ᠰᠢᠯᠵᠢᠮᠡᠯ ᠦᠵᠦᠭᠦᠷ ᠪᠠ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢᠨ ᠣᠨᠴᠠᠯᠢᠭ ᠂ ᠥᠨᠳᠥᠷ ᠳᠠᠪᠲᠠᠮᠵᠢ᠂ ᠬᠠᠯᠠᠭᠠᠯᠲᠠ ᠶᠢᠨ ᠵᠦᠢᠯᠡᠰ ᠤᠨ ᠲᠣᠭᠤᠷᠢᠨ ᠳᠤ᠂ ᠦᠢᠯᠡᠴᠢᠯᠡᠭᠡᠨ ᠤ ᠵᠦᠭᠯᠡᠭᠦᠷ᠂ ᠤᠬᠠᠭᠤᠯᠭ᠎ᠠ ᠶᠢᠨ ᠵᠢᠵᠢᠭ ᠸᠢᠳᠢᠣ᠋ ᠶᠢ ᠦᠢᠯᠡᠳᠴᠦ᠂ ᠥᠷᠭᠡᠨ ᠣᠯᠠᠨ ᠠᠵᠤ ᠠᠬᠤᠶᠢᠯᠠᠯ ᠣᠯᠠᠨ ᠲᠦᠮᠡᠨ ᠤ ︽ᠮᠥᠩᠬᠡ ᠰᠤᠪᠠᠭ︾ ᠰᠢᠯᠵᠢᠮᠡᠯ ᠦᠵᠦᠭᠦᠷ ᠲᠤ ᠠᠩᠬᠠᠷᠤᠯ ᠲᠠᠯᠪᠢᠬᠤ ᠬᠡᠮᠵᠢᠶ᠎ᠡ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ︽ᠵᠠᠰᠠᠭ ᠤᠨ ᠶᠠᠪᠤᠳᠠᠯ ᠤᠨ ᠡᠭᠦᠯᠡᠨ ᠰᠢᠭᠤᠳ ᠨᠡᠪᠲᠡᠷᠡᠭᠦᠯᠭᠡ︾ ᠶᠢᠨ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠲᠤᠬᠠᠢ ᠶᠢᠨ ᠲᠠᠯᠠᠪᠤᠷ ᠲᠤ ᠦᠵᠡᠭᠦᠯᠦᠨ ᠲᠠᠨᠢᠭᠤᠯᠵᠤ᠂ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠪᠠ᠃ ᠡᠶᠢᠮᠦᠷᠬᠦ ᠰᠢᠭᠤᠳ ᠠᠵᠢᠭᠯᠠᠯᠲᠠ᠂ ᠠᠮᠢᠳᠤᠯᠢᠭ ᠪᠥᠭᠡᠳ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠴᠢᠩᠭ᠎ᠠ ᠤᠬᠠᠭᠤᠯᠭ᠎ᠠ ᠶᠢᠨ ᠠᠷᠭ᠎ᠠ ᠮᠠᠶ᠋ᠢᠭ ᠨᠢ ᠶᠡᠭᠡ ᠬᠡᠮᠵᠢᠶᠡᠨ ᠤ ᠦᠵᠡᠭᠴᠢᠳ ᠤᠨ ᠠᠩᠬᠠᠷᠤᠯ ᠢ ᠲᠠᠲᠠᠬᠤ ᠪᠠ ᠣᠷᠣᠯᠴᠠᠭᠤᠯᠵᠤ᠂ ︽ᠮᠥᠩᠬᠡ ᠰᠤᠪᠠᠭ︾ ᠤᠨ ᠣᠶᠢᠯᠠᠭᠠᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃    ᠣᠳᠣ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠤᠬᠠᠭᠤᠯᠭ᠎ᠠ ᠶᠢᠨ ᠮᠡᠳᠡᠭᠡ ᠵᠠᠩᠭᠢ 560 ᠭᠠᠷᠤᠢ ᠨᠡᠶᠢᠲᠡᠯᠡᠵᠦ᠂ 14 ᠣᠬᠤᠷ ᠸᠢᠳᠢᠣ᠋ ᠦᠢᠯᠡᠳᠴᠦ᠂ ᠨᠡᠶᠢᠲᠡ ᠲᠦᠮᠡ ᠭᠠᠷᠤᠢ ᠤᠳᠠᠭ᠎ᠠ ᠨᠡᠪᠲᠡᠷᠡᠭᠦᠯᠪᠡ᠃ 78 ᠲᠠᠯᠠᠪᠤᠷ ︽ᠮᠥᠩᠬᠡ ᠰᠤᠪᠠᠭ︾ ᠢ ᠨᠡᠪᠲᠡᠷᠡᠭᠦᠯᠵᠦ᠂ ᠨᠡᠶᠢᠲᠡ 78 ᠤᠳᠠᠭ᠎ᠠ ᠦᠵᠡᠭᠰᠡᠨ ᠬᠥᠮᠦᠨ ᠤ ᠲᠤᠭ᠎ᠠ 3.1 ᠲᠦᠮᠡ ᠭᠠᠷᠤᠢ ᠬᠥᠮᠦᠨ ᠤᠳᠠᠭ᠎ᠠ ᠶᠢ ᠳᠠᠪᠠᠵᠤ᠂ ᠣᠯᠠᠨ ᠲᠦᠮᠡᠨ ᠢ 111 ᠲᠦᠮᠡ ᠭᠠᠷᠤᠢ ᠤᠳᠠᠭ᠎ᠠ ᠮᠠᠭᠲᠠᠨ ᠰᠠᠶᠢᠰᠢᠶᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号