ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/6/20
   ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 19 ᠤ ᠴᠠᠭᠢᠯᠭᠠᠨ ᠮᠡᠳᠡᠭᠡ 6 ᠰᠠᠷ᠎ᠠ ᠶᠢᠨ 19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠵᠤ᠂ ᠭᠤᠣᠯᠳᠠᠭᠤ ᠳᠤᠮᠳᠠᠳᠤ ᠳᠣᠷᠣᠨᠠᠲᠤ ᠶᠢᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃   ᠫᠦᠲ᠋ᠢᠨ ᠤᠷᠤᠰ ᠤᠨ ᠬᠢᠨ ᠤ ᠣᠳᠣᠬᠠᠨ ᠤ ᠳᠤᠮᠳᠠᠳᠤ ᠳᠣᠷᠣᠨᠠᠲᠤ ᠶᠢᠨ ᠪᠠᠶᠢᠳᠠᠯ ᠤᠨ ᠲᠤᠬᠠᠢ ᠦᠵᠡᠯᠲᠡ ᠪᠠᠨ ᠵᠠᠷᠯᠠᠨ ᠮᠡᠳᠡᠭᠳᠡᠵᠦ᠂ ᠢᠰᠷᠧᠯ ᠤᠨ ᠬᠢᠨ ᠢᠷᠠᠨ ᠤ ᠴᠥᠮ᠎ᠡ ᠶᠢᠨ ᠲᠥᠬᠦᠭᠡᠷᠦᠮᠵᠢ ᠶᠢ ᠲᠠᠭᠠᠷᠢᠬᠤ ᠨᠢ ᠲᠦᠢᠯ ᠤᠨ ᠠᠶᠤᠯᠲᠠᠢ ᠶᠤᠮ᠂ ᠮᠥᠷᠭᠦᠯᠳᠦᠭᠡᠨ ᠤ ᠳᠡᠰ ᠳᠡᠪᠰᠢᠭᠰᠡᠨ ᠨᠢ ᠠᠯᠢ ᠴᠤ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠦᠭᠡᠢ ᠶᠤᠮ᠂ ᠢᠷᠠᠨ ᠤ ᠴᠥᠮ᠎ᠡ ᠶᠢᠨ ᠠᠰᠠᠭᠤᠳᠠᠯ ᠢ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠢ᠃ ᠮᠥᠷᠭᠦᠯᠳᠦᠭᠡᠨ ᠤ ᠬᠤᠶᠠᠷ ᠲᠠᠯ᠎ᠠ ᠨᠢ ᠭᠤᠷᠪᠠᠳᠠᠭᠢ ᠤᠯᠤᠰ ᠤᠨ ᠠᠷᠠᠳ ᠢᠷᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠣᠳᠣᠬᠠᠨ ᠳᠤ ᠪᠠᠶᠢᠳᠠᠯ ᠮᠥᠨ ᠯᠡ ᠲᠦᠷᠭᠡᠨ ᠬᠥᠭᠵᠢᠵᠦ ᠪᠠᠶᠢᠨ᠎ᠠ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠣᠯᠣᠯᠴᠠᠭ᠎ᠠ ᠪᠠᠨ ᠪᠠᠲᠤᠯᠠᠵᠤ᠂ ᠬᠠᠮᠲᠤ ᠪᠠᠷ ᠪᠠᠶᠢᠳᠠᠯ ᠢ ᠨᠠᠮᠳᠠᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃   ᠰᠢ ᠶᠢᠨ ᠫᠢᠩ ᠳᠤᠮᠳᠠᠳᠤ ᠤᠯᠤᠰ ᠤᠨ ᠵᠠᠷᠴᠢᠮ ᠵᠣᠭᠰᠣᠯᠲᠠ ᠶᠢ ᠲᠣᠳᠣᠷᠬᠠᠶᠢᠯᠠᠨ ᠥᠭᠦᠯᠡᠭᠰᠡᠨ ᠪᠥᠭᠡᠳ᠂ ᠣᠳᠣᠬᠠᠨ ᠤ ᠳᠤᠮᠳᠠᠳᠤ ᠳᠣᠷᠣᠨᠠᠲᠤ ᠶᠢᠨ ᠪᠠᠶᠢᠳᠠᠯ ᠮᠠᠰᠢ ᠲᠦᠭᠰᠢᠭᠦᠷᠢᠲᠡᠢ ᠪᠠᠶᠢᠨ᠎ᠠ᠂ ᠳᠡᠯᠡᠬᠡᠢ ᠶᠢᠷᠲᠢᠨᠴᠦ ᠰᠢᠨ᠎ᠡ ᠲᠣᠭᠲᠠᠭᠤᠨ ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠭᠰᠠᠨ ᠢ ᠳᠠᠬᠢᠨᠲᠠ ᠭᠡᠷᠡᠴᠢᠯᠡᠪᠡ᠃ ᠬᠡᠷᠪᠡ ᠮᠥᠷᠭᠦᠯᠳᠦᠭᠡᠨ ᠤᠯᠠᠮ ᠨᠢᠭᠡ ᠠᠯᠬᠤᠮ ᠰᠢᠷᠦᠭᠦᠰᠪᠡᠯ᠂ ᠮᠥᠷᠭᠦᠯᠳᠦᠭᠡᠨ ᠤ ᠬᠤᠶᠠᠷ ᠲᠠᠯ᠎ᠠ ᠨᠡᠩ ᠶᠡᠭᠡ ᠬᠤᠬᠢᠷᠠᠯ ᠳᠤ ᠤᠴᠠᠷᠠᠵᠤ᠂ ᠭᠠᠵᠠᠷ ᠣᠷᠣᠨ ᠤ ᠤᠯᠤᠰ ᠤᠳ ᠴᠤ ᠲᠡᠭᠦᠨ ᠤ ᠬᠤᠣᠷ ᠬᠥᠨᠥᠭᠡᠯ ᠢ ᠭᠦᠨ ᠠᠮᠰᠠᠬᠤ ᠪᠣᠯᠣᠨ᠎ᠠ᠃ ᠣᠳᠣᠬᠠᠨ ᠤ ᠬᠡᠷᠡᠭ ᠶᠠᠪᠤᠳᠠᠯ ᠳᠤ ᠴᠢᠭᠯᠡᠭᠦᠯᠦᠨ ᠪᠢ ᠲᠦᠷᠪᠡᠨ ᠵᠣᠷᠢᠯᠲᠠ ᠳᠤᠷᠠᠳᠤᠶ᠎ᠠ᠃     ᠨᠢᠭᠡᠳᠦᠭᠡᠷ ᠲᠤ᠂ ᠲᠠᠶᠢᠨ ᠲᠤᠯᠤᠯᠳᠤᠭᠠᠨ ᠢ ᠵᠣᠭᠰᠤᠭᠠᠬᠤ ᠶᠢ ᠠᠬᠢᠭᠤᠯᠬᠤ ᠪᠣᠯ ᠪᠠᠴᠢᠮ ᠲᠤᠯᠭᠠᠮ ᠶᠠᠪᠤᠳᠠᠯ ᠮᠥᠨ᠃ ᠵᠡᠪᠰᠡᠭᠲᠦ ᠬᠦᠴᠦᠨ ᠪᠣᠯ ᠤᠯᠤᠰ ᠤᠨ ᠬᠤᠭᠤᠷᠣᠨᠳᠣᠭᠢ ᠵᠠᠭᠤᠷᠠᠯᠳᠤᠭᠠᠨ ᠢ ᠰᠢᠢᠳᠪᠦᠷᠢᠯᠡᠬᠦ ᠵᠥᠪ ᠠᠷᠭ᠎ᠠ ᠭᠡᠯᠪᠡᠷᠢ ᠪᠢᠰᠢ᠂ ᠵᠥᠪᠭᠡᠨ ᠬᠤᠷᠣᠰᠤᠯ ᠪᠠ ᠵᠥᠷᠢᠴᠡᠯ ᠢ ᠬᠤᠷᠴᠠᠳᠬᠠᠬᠤ ᠶᠤᠮ᠃ ᠮᠥᠷᠭᠦᠯᠳᠦᠭᠡᠨ ᠤ ᠲᠤᠬᠠᠢ ᠶᠢᠨ ᠲᠠᠯ᠎ᠠ ᠢᠯᠠᠩᠭᠤᠶ᠎ᠠ ᠢᠰᠷᠧᠯ ᠤᠨ ᠬᠢᠨ ᠳᠠᠷᠦ᠋ᠢᠬᠠᠨ ᠲᠤᠯᠤᠯᠳᠤᠬᠤ ᠪᠠᠨ ᠵᠣᠭᠰᠣᠵᠤ᠂ ᠪᠠᠶᠢᠳᠠᠯ ᠡᠭᠡᠯᠵᠢᠯᠡᠨ ᠰᠢᠷᠦᠭᠦᠰᠬᠦ ᠶᠢ ᠰᠡᠷᠭᠡᠶᠢᠯᠡᠵᠦ᠂ ᠲᠠᠶᠢᠨ ᠤ ᠪᠠᠶᠢᠳᠠᠯ ᠭᠠᠳᠠᠭᠰᠢ ᠥᠷᠭᠡᠳᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃   ᠬᠤᠶᠠᠳᠤᠭᠠᠷ ᠲᠤ᠂ ᠡᠭᠡᠯ ᠠᠷᠠᠳ ᠤᠨ ᠠᠮᠤᠷ ᠲᠦᠪᠰᠢᠨ ᠢ ᠪᠠᠲᠤᠯᠠᠬᠤ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠶᠠᠮᠠᠷᠪᠠ ᠦᠶ᠎ᠡ ᠳᠤ ᠴᠦ ᠭᠡᠰᠡᠨ᠂ ᠴᠡᠷᠢᠭ ᠤᠨ ᠶᠠᠪᠤᠳᠠᠯ ᠤᠨ ᠮᠥᠷᠭᠦᠯᠳᠦᠭᠡᠨ ᠤ ᠳᠤᠮᠳᠠ ᠡᠭᠡᠯ ᠠᠷᠠᠳ ᠢ ᠬᠠᠮᠠᠭᠠᠯᠠᠬᠤ ᠤᠯᠠᠭᠠᠨ ᠱᠤᠭᠤᠮ ᠢ ᠳᠠᠪᠠᠵᠤ ᠪᠤᠯᠬᠤ ᠦᠭᠡᠢ᠂ ᠢᠯᠭᠠᠭ᠎ᠠ ᠦᠭᠡᠢ ᠪᠠᠷ ᠵᠡᠪᠰᠡᠭᠲᠦ ᠬᠦᠴᠦᠨ ᠬᠡᠷᠡᠭᠯᠡᠬᠦ ᠠᠵᠢᠯᠯᠠᠭ᠎ᠠ ᠶᠢ ᠴᠥᠮ ᠭᠥᠯᠢᠶᠡᠨ ᠠᠪᠴᠤ ᠪᠤᠯᠬᠤ ᠦᠭᠡᠢ᠃ ᠮᠥᠷᠭᠦᠯᠳᠦᠭᠡᠨ ᠤ ᠲᠤᠬᠠᠢ ᠶᠢᠨ ᠲᠠᠯ᠎ᠠ ᠶᠢᠨ ᠬᠢᠨ ᠤᠯᠠᠨ ᠤᠯᠤᠰ ᠤᠨ ᠬᠠᠤᠯᠢ ᠶᠢ ᠴᠢᠩᠭ᠎ᠠ ᠵᠢᠷᠤᠮᠯᠠᠵᠤ᠂ ᠡᠭᠡᠯ ᠠᠷᠠᠳ ᠲᠤ ᠬᠤᠣᠷ ᠬᠥᠨᠥᠭᠡᠯ ᠤᠴᠠᠷᠠᠭᠤᠯᠬᠤ ᠠᠴᠠ ᠡᠷᠡᠰ ᠵᠠᠶᠢᠯᠠᠰᠬᠢᠬᠦ ᠶᠢᠨ ᠬᠠᠮᠲᠤ ᠭᠤᠷᠪᠠᠳᠠᠭᠢ ᠤᠯᠤᠰ ᠤᠨ ᠠᠷᠠᠳ ᠢᠷᠭᠡᠳ ᠤᠨ ᠤᠬᠤᠷᠢᠨ ᠭᠠᠷᠬᠤ ᠳᠤ ᠲᠦᠭᠦᠮ ᠦᠵᠡᠭᠦᠯᠭᠦ ᠬᠡᠷᠡᠭᠲᠡᠢ᠃   ᠭᠤᠷᠪᠠᠳᠤᠭᠠᠷ ᠲᠤ᠂ ᠶᠠᠷᠢᠯᠴᠠᠭ᠎ᠠ ᠬᠡᠯᠡᠯᠴᠡᠭᠡ ᠶᠢ ᠡᠬᠢᠯᠡᠭᠦᠯᠬᠦ ᠪᠣᠯ ᠦᠨᠳᠦᠰᠦᠨ ᠭᠠᠷᠬᠤ ᠵᠠᠮ ᠮᠥᠨ᠃ ᠨᠡᠪᠲᠡᠷᠡᠯᠴᠡᠭᠡ ᠶᠠᠷᠢᠯᠴᠠᠭ᠎ᠠ ᠪᠣᠯ ᠥᠨᠢ ᠤᠳᠠᠭᠠᠨ ᠤ ᠡᠩᠬᠡ ᠲᠠᠶᠢᠪᠤᠩ ᠢ ᠪᠡᠶᠡᠯᠡᠭᠦᠯᠬᠦ ᠵᠥᠪ ᠵᠠᠮ ᠮᠥᠨ᠃ ᠤᠯᠤᠰ ᠲᠦᠷᠦ ᠪᠠᠷ ᠢᠷᠠᠨ ᠤ ᠴᠥᠮ᠎ᠡ ᠶᠢᠨ ᠠᠰᠠᠭᠤᠳᠠᠯ ᠢ ᠰᠢᠢᠳᠪᠦᠷᠢᠯᠡᠬᠦ ᠶᠡᠭᠡ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠵᠤ᠂ ᠶᠠᠷᠢᠯᠴᠠᠭ᠎ᠠ ᠬᠡᠯᠡᠯᠴᠡᠭᠡ ᠪᠠᠷ ᠳᠠᠮᠵᠢᠭᠤᠯᠤᠨ ᠢᠷᠠᠨ ᠤ ᠴᠥᠮ᠎ᠡ ᠶᠢᠨ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠵᠠᠮ ᠳᠤ ᠲᠠᠭᠢᠨ ᠪᠤᠴᠠᠬᠤ ᠶᠢ ᠠᠬᠢᠭᠤᠯᠬᠤ ᠬᠡᠷᠡᠭᠲᠡᠢ᠃   ᠳᠥᠷᠪᠡᠳᠦᠭᠡᠷ ᠲᠤ᠂ ᠳᠡᠯᠡᠬᠡᠢ ᠨᠡᠶᠢᠭᠡᠮ ᠤᠨ ᠡᠩᠬᠡ ᠲᠠᠶᠢᠪᠤᠩ ᠢ ᠠᠬᠢᠭᠤᠯᠬᠤ ᠴᠢᠷᠮᠠᠶᠢᠯᠭ᠎ᠠ ᠲᠤᠲᠠᠭᠳᠠᠵᠤ ᠪᠣᠯᠣᠰᠢ ᠦᠭᠡᠢ ᠶᠤᠮ᠃ ᠳᠤᠮᠳᠠᠳᠤ ᠳᠣᠷᠣᠨᠠᠲᠤ ᠲᠣᠭᠲᠠᠭᠤᠨ ᠦᠭᠡᠢ ᠪᠣᠯ ᠳᠡᠯᠡᠬᠡᠢ ᠳ᠋ᠠᠬᠢᠨ ᠠᠮᠤᠷ ᠲᠦᠪᠰᠢᠨ ᠪᠠᠶᠢᠵᠤ ᠴᠢᠳᠠᠬᠤ ᠦᠭᠡᠢ᠃ ᠢᠰᠷᠧᠯ ᠢᠷᠠᠨ ᠤ ᠮᠥᠷᠭᠦᠯᠳᠦᠭᠡᠨ ᠠᠴᠠ ᠪᠣᠯᠵᠤ ᠳᠤᠮᠳᠠᠳᠤ ᠳᠣᠷᠣᠨᠠᠲᠤ ᠶᠢᠨ ᠪᠠᠴᠢᠮ ᠪᠠᠶᠢᠳᠠᠯ ᠭᠡᠨᠡᠳᠲᠡ ᠰᠢᠷᠦᠭᠦᠰᠴᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠳᠤ ᠬᠦᠨᠳᠦ ᠨᠣᠴᠢᠲᠠᠢ ᠳᠠᠭᠠᠷᠢᠯᠲᠠ ᠪᠣᠯᠪᠠ᠂ ᠳᠡᠯᠡᠬᠡᠢ ᠨᠡᠶᠢᠭᠡᠮ ᠢᠯᠠᠩᠭᠤᠶ᠎ᠠ ᠮᠥᠷᠭᠦᠯᠳᠦᠭᠡᠨ ᠤ ᠲᠤᠬᠠᠢ ᠶᠢᠨ ᠲᠠᠯ᠎ᠠ ᠳᠤ ᠣᠨᠴᠠᠭᠠᠢ ᠨᠥᠯᠥᠭᠡ ᠲᠠᠢ ᠲᠣᠮᠣ ᠤᠯᠤᠰ ᠪᠠᠶᠢᠳᠠᠯ ᠢ ᠨᠠᠮᠳᠠᠭᠤᠯᠬᠤ ᠪᠠᠷ ᠴᠢᠷᠮᠠᠶᠢᠬᠤ ᠬᠡᠷᠡᠭᠲᠡᠢ᠂ ᠬᠠᠷᠢᠨ ᠡᠰᠡᠷᠭᠦ ᠪᠠᠶᠢᠵᠤ ᠪᠤᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠡᠭᠦᠨ ᠤ ᠲᠥᠯᠥᠭᠡ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃   ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠣᠯᠣᠯᠴᠠᠭ᠎ᠠ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠢ ᠰᠡᠷᠭᠦᠭᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃   ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠤᠯᠤᠰ ᠲᠦᠷᠦ ᠶᠢᠨ ᠢᠲᠡᠭᠡᠯᠴᠡᠭᠡ ᠪᠣᠯᠣᠨ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠠᠬᠢᠭᠤᠯᠵᠤ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠵᠦ ᠵᠥᠪᠰᠢᠶᠡᠷᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号