6 ᠰᠠᠷ᠎ᠠ ᠶᠢᠨ 16 ᠤ ᠡᠳᠦᠷ ︽ᠡᠭᠡᠯ ᠪᠤᠷᠤᠬᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ | ᠰᠣᠩᠭᠤᠳᠠᠭ ᠬᠡᠯᠡᠯᠭᠡ︾ ︵ᠤᠯᠠᠨ ᠤᠯᠤᠰ ᠤᠨ ᠬᠡᠪᠯᠡᠯ︶ ᠶᠢ ᠲᠤᠮᠳᠠ ᠠᠽᠢᠶ᠎ᠠ ᠶᠢᠨ ᠲᠠᠪᠤᠨ ᠤᠯᠤᠰ ᠤᠨ ᠭᠤᠤᠯ | ᠵᠠᠭᠤᠴᠢᠯᠠᠭᠤᠷ ᠲᠤ ᠨᠡᠪᠲᠡᠷᠡᠭᠦᠯᠪᠡ᠃ ᠺᠠᠽᠠᠭᠰᠲ᠋ᠠᠨ ᠤ ᠶᠡᠷᠦᠩᠬᠡᠶᠢᠯᠡᠭᠴᠢ ᠲᠦᠤᠤᠺᠠᠶᠤᠹ ᠪᠠᠶᠠᠷ ᠤᠨ ᠵᠠᠬᠢᠳᠠᠯ ᠢᠯᠡᠭᠡᠵᠦ᠂ | ᠫᠷᠤᠭ᠍ᠷᠠᠮ ᠤᠨ ᠨᠡᠪᠲᠡᠷᠡᠭᠦᠯᠭᠡ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠣᠳᠣᠨ ᠫᠷᠤᠭ᠍ᠷᠠᠮ ︽ᠡᠭᠡᠯ ᠪᠤᠷᠤᠬᠵᠢᠭᠤᠨ ᠦᠭᠡ — | ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠤᠯᠠᠨ ᠤᠯᠤᠰ ᠤᠨ ᠬᠡᠪᠯᠡᠯ︶ ᠨᠢ ᠲᠡᠷᠢᠭᠦᠯᠡᠭᠴᠢ | ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ᠂ ᠶᠠᠷᠢᠯᠴᠠᠭ᠎ᠠ ᠳᠤ ᠡᠰᠢᠯᠡᠭᠰᠡᠨ ᠳᠤᠮᠳᠠᠳᠤ ᠤᠯᠤᠰ ᠤᠨ ᠰᠢᠯᠦᠭ ᠵᠤᠬᠢᠶᠠᠯ | ᠰᠤᠩᠭᠤᠳᠠᠭ ᠬᠡᠯᠡᠯᠭᠡ ᠶᠢ ᠨᠠᠷᠢᠨ ᠨᠢᠮᠪᠠᠢ ᠰᠣᠩᠭᠤᠵᠤ᠂ ᠨᠡᠬᠡᠬᠡᠯᠳᠡ ᠬᠢᠵᠦ ᠬᠠᠮᠲᠤᠷᠠᠯᠴᠠᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠰᠢᠨ᠎ᠡ ᠶᠢ ᠡᠭᠦᠳᠬᠦ ᠵᠡᠷᠭᠡ | ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠶᠢᠵᠢᠭᠰᠡᠨ ᠬᠠᠷᠠᠭᠠᠰᠤ ᠪᠣᠯᠤᠨ ᠠᠮᠢᠳᠤᠯᠢᠭ ᠦᠯᠢᠭᠡᠷ ᠢᠶᠠᠷ | ᠳᠤᠮᠳᠠ ᠠᠽᠢᠶ᠎ᠠ ᠶᠢᠨ ᠬᠦᠯᠢᠶᠡᠨ ᠠᠪᠤᠭᠴᠢᠳ ᠲᠤ ᠲᠡᠷᠢᠭᠦᠯᠡᠭᠴᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ | ᠡᠷᠬᠢᠯᠡᠬᠦ ᠦᠵᠡᠯ ᠰᠠᠨᠠᠭᠠᠨ ᠤ ᠭᠦᠨ ᠵᠤᠵᠠᠭᠠᠨ ᠲᠡᠦᠬᠡ ᠰᠣᠶᠣᠯ ᠤᠨ ᠰᠠᠭᠤᠷᠢ ᠶᠢ ᠲᠣᠳᠣᠷᠬᠠᠶᠢᠯᠠᠨ ᠲᠠᠶᠢᠯᠪᠤᠷᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠦᠷᠰᠦ ᠪᠠᠶᠢᠳᠠᠯ ᠢ ᠳᠡᠯᠭᠡᠨ ᠦᠵᠡᠭᠦᠯᠵᠡᠢ᠃ | ᠲᠣᠰ ᠫᠷᠤᠭ᠍ᠷᠠᠮ ᠢ ᠲᠣᠰ ᠡᠳᠦᠷ ᠠᠴᠠ ᠡᠬᠢᠯᠡᠨ ᠺᠠᠽᠠᠭᠰᠲ᠋ᠠᠨ ᠤ ᠲᠣᠷᠭᠠᠨ ᠵᠠᠮ ᠲᠧᠯᠸᠢᠰ ᠬᠤᠷᠢᠶ᠎ᠠ᠂ ᠺᠢᠷᠬᠢᠽᠰᠲ᠋ᠠᠨ ᠤ | ᠤᠯᠤᠰ ᠤᠨ ᠲᠧᠯᠸᠢᠰ ᠷᠠᠳᠢᠣ᠋ ᠺᠣᠮᠫᠠᠨᠢ᠂ ᠲᠠᠵᠢᠺᠰᠲ᠋ᠠᠨ ᠤ ︽ᠵᠠᠬᠤᠨᠨᠠᠮᠤ᠋︾ ᠤᠯᠤᠰ ᠤᠨ ᠲᠧᠯᠸᠢᠰ ᠬᠤᠷᠢᠶ᠎ᠠ᠂ | ᠲᠦᠷᠺᠮᠧᠨ᠋ᠰᠲ᠋ᠠᠨ ᠤ ᠰᠣᠨᠢᠨ ᠮᠡᠳᠡᠭᠡᠨ ᠤ ᠰᠦᠯᠵᠢᠶ᠎ᠡ᠂ ᠦᠽᠪᠧᠺᠰᠲ᠋ᠠᠨ ᠤ ᠵᠠᠯᠠᠭᠤᠴᠤᠳ ᠤᠨ ᠲᠧᠯᠸᠢᠰ ᠬᠤᠷᠢᠶ᠎ᠠ ᠵᠡᠷᠭᠡ | ᠲᠤᠮᠳᠠ ᠠᠽᠢᠶ᠎ᠠ ᠶᠢᠨ ᠲᠠᠪᠤᠨ ᠤᠯᠤᠰ ᠤᠨ ᠭᠤᠤᠯ ᠵᠠᠭᠤᠴᠢᠯᠠᠭᠤᠷ ᠲᠤ ᠨᠡᠪᠲᠡᠷᠡᠭᠦᠯᠪᠡ᠃ | ︵ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠬᠢᠯᠭᠠᠨ ᠮᠡᠳᠡᠭᠡ︶ |