ᠵᠤᠤ ᠯᠧ ᠵᠢᠢ ᠥᠪᠥᠷ ᠮᠣᠩᠭᠤᠯ ᠳᠤ ᠪᠠᠶᠢᠴᠠᠭᠠᠨ ᠰᠤᠳᠤᠯᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠳᠡᠭᠡᠨ ᠴᠢᠬᠤᠯᠠᠴᠢᠯᠠᠭᠰᠠᠨ ᠨᠢ ᠭᠤᠣᠯᠳᠠᠯᠭ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠳᠤ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/6/20
   ᠰᠢᠨᠬᠤᠸᠠ ᠬᠤᠷᠢᠶ᠎ᠠ ᠶᠢᠨ ᠭᠦᠭᠡᠬᠤᠳᠠ ᠶᠢᠨ 6 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ ᠯᠧ ᠵᠢᠢ 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃   ᠵᠤᠤ ᠯᠧ ᠵᠢᠢ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ᠂ ᠤᠯᠠᠭᠠᠨᠬᠠᠳᠠ᠂ ᠭᠦᠭᠡᠬᠤᠲᠠ ᠳᠤ ᠬᠦᠷᠴᠦ᠂ ᠨᠡᠶᠢᠭᠡᠮ ᠲᠣᠭᠤᠷᠢᠭ᠂ ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠵᠢᠯᠲᠠᠨ ᠠᠵᠢᠯᠴᠢᠨ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ︔ ᠷᠠᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠵᠤ᠂ ᠪᠠᠶᠢᠭᠤᠯᠭ᠎ᠠ ᠶᠢᠨ ᠺᠠᠳ᠋ᠷᠴᠤᠳ ᠢ ᠡᠷᠭᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃   ᠵᠤᠤ ᠯᠧ ᠵᠢᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠠᠮᠢᠳᠤᠷᠠᠯ ᠲᠠᠢ ᠣᠶᠢᠷᠠᠳᠴᠤ᠂ ᠠᠷᠠᠳ ᠤᠯᠠᠨ ᠲᠠᠢ ᠨᠢᠭᠲᠠ ᠬᠠᠷᠢᠯᠴᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠬᠠᠤᠯᠢ ᠶᠣᠰᠣᠭᠠᠷ ᠵᠢᠷᠤᠮ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠴᠢᠩᠳᠠᠯᠠᠵᠤ᠂ ᠡᠯ᠎ᠡ ᠵᠦᠢᠯ ᠤᠨ ᠠᠵᠢᠯ ᠢᠶᠠᠨ ᠭᠦᠨᠵᠡᠭᠡᠢ ᠬᠢᠵᠦ᠂ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠯᠥᠭᠡᠯᠡᠭᠴᠢᠳ ᠤᠨ ᠬᠠᠤᠯᠢ ᠶᠢ ᠬᠢᠨᠠᠮᠠᠭᠠᠢ ᠬᠡᠷᠡᠭᠵᠢᠭᠦᠯᠵᠦ᠂ ᠲᠥᠯᠥᠭᠡᠯᠡᠭᠴᠢᠳ ᠤᠨ ᠠᠵᠢᠯ ᠤᠨ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠥᠯᠥᠭᠡᠯᠡᠭᠴᠢᠳ ᠨᠢ ᠨᠠᠮ ᠪᠠ ᠤᠯᠤᠰ ᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠤᠯᠬᠤ ᠶᠢ ᠳᠡᠮᠵᠢᠨ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠬᠢᠨᠠᠮᠠᠭᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠣᠶ ᠰᠢᠭᠤᠢ ᠶᠢᠨ ᠬᠠᠤᠯᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠣᠶ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠥᠪ᠂ ᠣᠶ ᠰᠢᠭᠤᠢ ᠶᠢᠨ ᠲᠠᠯᠠᠪᠠᠶ ᠪᠣᠯᠣᠨ ᠣᠶ ᠰᠢᠭᠤᠢ ᠶᠢᠨ ᠠᠵᠢᠯᠲᠠᠨ ᠠᠵᠢᠯᠴᠢᠨ ᠤ ᠭᠡᠷ ᠲᠤ ᠭᠦᠨᠵᠡᠭᠡᠶᠢᠷᠡᠵᠦ᠂ ᠬᠠᠤᠯᠢ ᠴᠠᠭᠠᠵᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠪᠠ︔ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠂ ᠤᠢ ᠰᠢᠭᠤᠢ ᠶᠢᠨ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ ᠤᠨ ᠠᠵᠢᠯᠲᠠᠨ ᠤ ᠤᠢ ᠰᠢᠭᠤᠢ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃   ᠵᠣᠣ ᠯᠧ ᠵᠢᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠴᠦᠯᠯᠡᠷᠭᠡᠭᠵᠢᠯ ᠢ ᠵᠠᠰᠠᠬᠤ ᠭᠤᠣᠯ ᠲᠡᠶᠢᠨ ᠤ ᠲᠠᠯᠠᠪᠤᠷ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠶ ᠰᠢᠭᠤᠢ ᠶᠢᠨ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠠᠶᠢᠭᠠᠯᠢᠯᠢᠭ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ ᠬᠠᠤᠯᠢ ᠶᠣᠰᠣᠭᠠᠷ ᠣᠶᠢᠵᠢᠭᠤᠯᠬᠤ᠂ ᠣᠶ ᠰᠢᠭᠤᠢ ᠶᠢ ᠬᠠᠮᠠᠭᠠᠯᠠᠬᠤ᠂ ᠣᠶ ᠰᠢᠭᠤᠢ ᠶᠢ ᠬᠥᠭᠵᠢᠭᠦᠯᠬᠦ ᠦᠵᠡᠯᠲᠡ ᠶᠢ ᠪᠠᠲᠤ ᠪᠤᠶ ᠪᠤᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠭᠢᠯᠪᠠᠷ ᠪᠤᠰᠤ ᠪᠠᠷ ᠣᠯᠣᠭᠰᠠᠨ ᠨᠣᠮᠢᠨ ᠨᠣᠭᠤᠭᠠᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠣᠶ ᠰᠢᠭᠤᠢ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠬᠠᠤᠯᠢ ᠶᠣᠰᠣᠭᠠᠷ ᠴᠢᠩᠭᠠᠳᠬᠠᠵᠤ᠂ ᠣᠶ ᠰᠢᠭᠤᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠷᠢᠭᠵᠢᠭᠤᠯᠤᠨ ᠳᠡᠮᠵᠢᠵᠦ᠂ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ᠣᠶ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠶ ᠰᠢᠭᠤᠢ ᠶᠢᠨ ᠪᠠᠶᠢᠳᠠᠯ ᠳᠤᠨᠢ ᠲᠣᠬᠢᠷᠠᠭᠤᠯᠤᠨ ᠣᠶ ᠶᠢᠨ ᠳᠣᠲᠣᠷᠠᠬᠢ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠰᠢᠭᠤᠶᠢᠲᠤ ᠣᠷᠣᠨ ᠤ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号