ᠰᠢᠨᠬᠤᠸᠠ ᠬᠤᠷᠢᠶ᠎ᠠ ᠶᠢᠨ ᠭᠦᠭᠡᠬᠤᠳᠠ ᠶᠢᠨ 6 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ | ᠯᠧ ᠵᠢᠢ 6 ᠰᠠᠷ᠎ᠠ ᠶᠢᠨ 16 ᠠᠴᠠ 19 ᠤ ᠡᠳᠦᠷ ᠪᠤᠯᠲᠠᠯ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠪᠠ᠃ ᠲᠡᠷᠡ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ | ᠴᠢᠭᠯᠡᠯᠲᠡ ᠪᠣᠯᠣᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ | ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠥᠭᠡᠷᠡᠴᠢᠯᠡᠯᠲᠡ ᠶᠢᠨ ᠪᠣᠭᠤᠮᠲᠠ | ᠰᠢᠪᠲᠤᠯᠬᠤ ᠡᠭᠦᠷᠭᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠵᠤᠤ ᠯᠧ ᠵᠢᠢ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ᠂ ᠤᠯᠠᠭᠠᠨᠬᠠᠳᠠ᠂ ᠭᠦᠭᠡᠬᠤᠲᠠ ᠳᠤ ᠬᠦᠷᠴᠦ᠂ | ᠨᠡᠶᠢᠭᠡᠮ ᠲᠣᠭᠤᠷᠢᠭ᠂ ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠣᠨ ᠠᠵᠢᠯᠲᠠᠨ ᠠᠵᠢᠯᠴᠢᠨ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ︔ ᠷᠠᠰᠢᠶᠠᠨ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠪᠠᠶᠢᠴᠠᠭᠠᠨ ᠰᠤᠳᠤᠯᠵᠤ᠂ ᠪᠠᠶᠢᠭᠤᠯᠭ᠎ᠠ ᠶᠢᠨ ᠺᠠᠳ᠋ᠷᠴᠤᠳ ᠢ | ᠡᠷᠭᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠵᠤᠤ ᠯᠧ ᠵᠢᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ | ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠬᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠠᠮᠢᠳᠤᠷᠠᠯ ᠲᠠᠢ | ᠣᠶᠢᠷᠠᠳᠴᠤ᠂ ᠠᠷᠠᠳ ᠤᠯᠠᠨ ᠲᠠᠢ ᠨᠢᠭᠲᠠ ᠬᠠᠷᠢᠯᠴᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ | ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠬᠠᠤᠯᠢ ᠶᠣᠰᠣᠭᠠᠷ ᠵᠢᠷᠤᠮ ᠶᠣᠰᠣᠭᠠᠷ ᠠᠵᠢᠯ ᠶᠠᠪᠤᠳᠠᠯ | ᠭᠦᠢᠴᠡᠳᠬᠡᠬᠦ ᠶᠢ ᠴᠢᠩᠳᠠᠯᠠᠵᠤ᠂ ᠡᠯ᠎ᠡ ᠵᠦᠢᠯ ᠤᠨ ᠠᠵᠢᠯ ᠢᠶᠠᠨ ᠭᠦᠨᠵᠡᠭᠡᠢ ᠬᠢᠵᠦ᠂ ᠯᠠᠪᠳᠠᠭᠤᠨ ᠪᠠᠲᠤᠲᠠᠢ ᠬᠢᠬᠦ ᠬᠡᠷᠡᠭᠲᠡᠢ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠯᠥᠭᠡᠯᠡᠭᠴᠢᠳ ᠤᠨ ᠬᠠᠤᠯᠢ ᠶᠢ ᠬᠢᠨᠠᠮᠠᠭᠠᠢ ᠬᠡᠷᠡᠭᠵᠢᠭᠦᠯᠵᠦ᠂ | ᠲᠥᠯᠥᠭᠡᠯᠡᠭᠴᠢᠳ ᠤᠨ ᠠᠵᠢᠯ ᠤᠨ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ | ᠲᠥᠯᠥᠭᠡᠯᠡᠭᠴᠢᠳ ᠨᠢ ᠨᠠᠮ ᠪᠠ ᠤᠯᠤᠰ ᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠤᠯᠬᠤ ᠶᠢ ᠳᠡᠮᠵᠢᠨ | ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠬᠢᠨᠠᠮᠠᠭᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠣᠨ ᠨᠤᠲᠤᠭ ᠤᠨ ᠨᠠᠮ ᠤᠨ ᠬᠤᠷᠢᠶ᠎ᠠ ᠶᠢᠨ | ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠣᠶ ᠰᠢᠭᠤᠢ ᠶᠢᠨ ᠬᠠᠤᠯᠢ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠵᠤ᠂ ᠣᠶ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠲᠥᠪ᠂ ᠣᠶ ᠰᠢᠭᠤᠢ ᠶᠢᠨ ᠲᠠᠯᠠᠪᠠᠶ ᠪᠣᠯᠣᠨ ᠣᠶ ᠰᠢᠭᠤᠢ ᠶᠢᠨ ᠠᠵᠢᠯᠲᠠᠨ ᠠᠵᠢᠯᠴᠢᠨ ᠤ | ᠭᠡᠷ ᠲᠤ ᠭᠦᠨᠵᠡᠭᠡᠶᠢᠷᠡᠵᠦ᠂ ᠬᠠᠤᠯᠢ ᠴᠠᠭᠠᠵᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠣᠶᠢᠯᠠᠭᠠᠪᠠ︔ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ | ᠂ ᠤᠢ ᠰᠢᠭᠤᠢ ᠶᠢᠨ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ ᠤᠨ ᠠᠵᠢᠯᠲᠠᠨ ᠤ ᠤᠢ ᠰᠢᠭᠤᠢ ᠶᠢᠨ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠵᠣᠣ ᠯᠧ ᠵᠢᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ | ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠨ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠴᠦᠯᠯᠡᠷᠭᠡᠭᠵᠢᠯ ᠢ ᠵᠠᠰᠠᠬᠤ ᠭᠤᠣᠯ ᠲᠡᠶᠢᠨ ᠤ ᠲᠠᠯᠠᠪᠤᠷ | ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠣᠶ ᠰᠢᠭᠤᠢ ᠶᠢᠨ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ | ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠠᠶᠢᠭᠠᠯᠢᠯᠢᠭ ᠣᠶ ᠶᠢ ᠬᠠᠮᠠᠭᠠᠯᠠᠬᠤ | ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠶ ᠰᠢᠭᠤᠢ ᠶᠢᠨ ᠡᠬᠢ ᠪᠠᠶᠠᠯᠢᠭ ᠤᠨ | ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠲᠦᠮᠡᠨ | ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ ᠬᠠᠤᠯᠢ ᠶᠣᠰᠣᠭᠠᠷ ᠣᠶᠢᠵᠢᠭᠤᠯᠬᠤ᠂ | ᠣᠶ ᠰᠢᠭᠤᠢ ᠶᠢ ᠬᠠᠮᠠᠭᠠᠯᠠᠬᠤ᠂ ᠣᠶ ᠰᠢᠭᠤᠢ ᠶᠢ ᠬᠥᠭᠵᠢᠭᠦᠯᠬᠦ ᠦᠵᠡᠯᠲᠡ ᠶᠢ ᠪᠠᠲᠤ ᠪᠤᠶ ᠪᠤᠯᠭᠠᠵᠤ᠂ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠭᠢᠯᠪᠠᠷ ᠪᠤᠰᠤ ᠪᠠᠷ ᠣᠯᠣᠭᠰᠠᠨ ᠨᠣᠮᠢᠨ ᠨᠣᠭᠤᠭᠠᠨ ᠦᠷ᠎ᠡ ᠪᠦᠲᠦᠭᠡᠯ ᠢ | ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠣᠶ ᠰᠢᠭᠤᠢ ᠶᠢᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ | ᠬᠠᠤᠯᠢ ᠶᠣᠰᠣᠭᠠᠷ ᠴᠢᠩᠭᠠᠳᠬᠠᠵᠤ᠂ ᠣᠶ ᠰᠢᠭᠤᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠷᠢᠭᠵᠢᠭᠤᠯᠤᠨ ᠳᠡᠮᠵᠢᠵᠦ᠂ | ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ | ᠰᠢᠭᠤᠢ ᠶᠢᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠨᠣᠮᠢᠨ | ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ | ᠪᠣᠯᠭᠠᠨ ᠦᠢᠯᠡᠳᠦᠯᠭᠡᠵᠢᠭᠦᠯᠵᠦ᠂ ᠣᠶ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠭᠰᠠᠨ ᠰᠠᠭᠤᠷᠢᠨ | ᠳᠡᠭᠡᠷ᠎ᠡ᠂ ᠣᠶ ᠰᠢᠭᠤᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠶ ᠰᠢᠭᠤᠢ ᠶᠢᠨ ᠪᠠᠶᠢᠳᠠᠯ ᠳᠤᠨᠢ ᠲᠣᠬᠢᠷᠠᠭᠤᠯᠤᠨ ᠣᠶ ᠶᠢᠨ ᠳᠣᠲᠣᠷᠠᠬᠢ | ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠰᠢᠭᠤᠶᠢᠲᠤ | ᠣᠷᠣᠨ ᠤ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ | ᠃ |