ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠦᠷᠭᠦᠯᠵᠢᠯᠡᠨ | ᠴᠣᠭᠴᠠᠯᠠᠵᠤ᠂ ᠪᠦᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠦᠷ᠎ᠡ | ᠪᠦᠲᠦᠮᠵᠢ ᠶᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠴᠡᠪᠡᠷ ᠴᠡᠮᠴᠡᠭᠡᠷ᠂ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠪᠠ᠃ ᠣᠶᠢᠷ᠎ᠠ ᠶᠢᠨ | ᠡᠳᠦᠷ ᠤᠳ ᠲᠤ᠂ ᠭᠤᠣᠯ ᠤᠨ ᠪᠠᠶᠢᠰᠢᠩ ᠪᠠᠯᠭᠠᠰᠤ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠦᠬᠦ ᠲᠠᠯ᠎ᠠ ᠪᠠᠷ | ᠳᠠᠶᠢᠴᠢᠯᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠠᠵᠢᠯᠯᠠᠬᠤ ᠳᠤᠭᠤᠶᠢᠯᠠᠩ᠂ | ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠡᠯ᠎ᠡ | ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠵᠠᠰᠠᠬᠤ ᠠᠵᠢᠯ ᠤᠨ ᠥᠨᠳᠥᠷ | ᠪᠦᠲᠦᠮᠵᠢᠲᠡᠢ ᠪᠥᠭᠡᠳ ᠡᠮᠬᠢ ᠵᠢᠷᠤᠮ ᠲᠠᠢ ᠠᠬᠢᠬᠤ ᠶᠢ ᠦᠨᠡᠨᠬᠦ ᠪᠠᠲᠤᠯᠠᠪᠠ᠃ ᠨᠠᠮ ᠤᠨ ᠭᠡᠰᠢᠭᠦᠨ᠂ ᠣᠯᠠᠨ ᠲᠦᠮᠡᠨ | ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠬᠥᠮᠦᠰ ᠨᠢᠭᠡᠳᠦᠭᠡᠷ ᠹᠷᠣᠨᠲ ᠲᠤ ᠢᠳᠡᠪᠬᠢᠲᠡᠢ | ᠣᠷᠣᠯᠴᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ | ᠪᠠ ᠡᠭᠦᠷᠭᠡᠯᠡᠯ ᠢᠶᠠᠨ ᠦᠢᠯᠡᠳᠦᠯᠭᠡᠵᠢᠭᠦᠯᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠳᠦᠷᠰᠦ ᠪᠠᠶᠢᠳᠠᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ | ᠲᠤᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠭᠤᠣᠯᠳᠠᠭᠤ ᠠᠷᠢᠭᠤᠨ ᠴᠡᠪᠡᠷ ᠤᠨ ᠦᠯᠦ ᠣᠨᠣᠭᠳᠠᠬᠤ | ᠭᠠᠵᠠᠷ᠂ ᠬᠤᠭ ᠨᠣᠪᠰᠢ ᠣᠪᠣᠭᠠᠯᠠᠬᠤ ᠬᠦᠨᠳᠦ ᠨᠣᠴᠢᠲᠠᠢ ᠣᠷᠣᠨ ᠪᠦᠰᠡ ᠵᠢᠴᠢ ᠵᠠᠮ ᠳᠠᠭᠠᠤ ᠵᠡᠷᠭᠡ ᠭᠠᠵᠠᠷ ᠲᠤ | ᠴᠢᠭᠯᠡᠭᠦᠯᠦᠨ᠂ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠬᠦ ᠪᠠ ᠵᠢᠷᠤᠮᠵᠢᠭᠤᠯᠤᠨ ᠰᠢᠢᠳᠪᠦᠷᠢᠯᠡᠵᠦ᠂ ᠬᠠᠷᠢᠶ᠎ᠠ | ᠣᠷᠣᠨ ᠤ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠬᠠᠷᠢᠶ᠎ᠠ ᠣᠷᠣᠨ ᠤ ᠣᠯᠠᠨ ᠲᠦᠮᠡᠨ ᠳᠤ ᠠᠮᠤᠷ ᠲᠦᠪᠰᠢᠨ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠣᠷᠣᠨ | ᠰᠠᠭᠤᠴᠠ ᠶᠢᠨ ᠣᠷᠴᠢᠨ ᠲᠣᠭᠤᠷᠢᠨ ᠢ ᠪᠣᠢ ᠪᠣᠯᠭᠠᠵᠤ ᠥᠭᠴᠡᠢ᠃ ᠳᠠᠷᠠᠭᠠᠴᠢ ᠶᠢᠨ ᠠᠯᠬᠤᠮ ᠳᠤ᠂ ᠭᠤᠣᠯ ᠤᠨ | ᠪᠠᠶᠢᠰᠢᠩ ᠪᠠᠯᠭᠠᠰᠤ ᠦᠷᠭᠦᠯᠵᠢᠯᠡᠨ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ | ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ︽ | ᠣᠬᠤᠷ ᠬᠤᠭᠤᠴᠠᠭᠠᠨ ᠤ ᠵᠠᠰᠠᠯᠲᠠ︾ ᠠᠴᠠ ︽ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ | ᠬᠠᠮᠠᠭᠠᠯᠠᠯᠲᠠ︾ ᠲᠡᠰᠢ ᠬᠤᠪᠢᠷᠠᠭᠤᠯᠬᠤ ᠶᠢ ᠠᠬᠢᠭᠤᠯᠵᠤ᠂ ᠪᠦᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠤᠷᠲᠤ ᠬᠤᠭᠤᠴᠠᠭ᠎ᠠ ᠪᠠᠷ ᠵᠠᠰᠠᠬᠤ ᠶᠢ ᠦᠨᠡᠨ ᠬᠦ ᠪᠠᠲᠤᠯᠠᠵᠤ᠂ ᠪᠦᠬᠦ ᠪᠠᠯᠭᠠᠰᠤᠨ ᠤ | ᠣᠷᠴᠢᠨ ᠲᠣᠭᠤᠷᠢᠨ ᠢ ︽ᠲᠦᠷ ᠴᠠᠭ ᠤᠨ ᠰᠠᠶᠢᠬᠠᠨ︾ ᠪᠠᠶᠢᠭᠰᠠᠨ ᠠᠴᠠ ︽ᠶᠡᠷᠦ ᠨᠢ ᠰᠠᠶᠢᠬᠠᠨ︾ ᠪᠣᠯᠭᠠᠨ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ |