ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ | ᠪᠣᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠤᠮᠠᠷᠠᠲᠤ ᠬᠢᠯᠢ ᠶᠢᠨ ᠰᠣᠶᠣᠯ ᠢ ᠮᠡᠳᠡᠷᠡᠬᠦ ᠰᠡᠳᠬᠢᠯᠭᠡ ᠪᠠ | ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 20 ᠤ ᠣᠷᠣᠢ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠮᠠᠷᠠᠲᠤ ᠬᠢᠯᠢ ᠶᠢᠨ ᠵᠠᠩ ᠦᠢᠯᠡ ᠶᠢᠨ ᠴᠤᠭᠯᠠᠭᠠᠨ ᠵᠢᠴᠢ ᠬᠥᠷᠰᠢ | ᠵᠡᠷᠭᠡᠯᠡᠳᠡᠭᠡ ᠶᠢᠨ ᠰᠣᠶᠣᠯ ᠤᠨ ᠨᠠᠶᠢᠷ ᠤᠨ ᠠᠵᠢᠯᠯᠠᠭ᠎ᠠ ᠶᠢ ᠲᠦᠰᠢᠶᠡᠲᠦ ᠲᠠᠯᠠᠪᠠᠢ ᠳᠤ ᠬᠥᠷ ᠬᠥᠭᠵᠢᠶᠡᠨ ᠲᠠᠢ | ᠥᠷᠨᠢᠭᠦᠯᠪᠡ᠃ | ᠣᠨᠣᠯ ᠤᠬᠠᠭᠤᠯᠤᠨ ᠲᠠᠶᠢᠯᠪᠤᠷᠢᠯᠠᠬᠤ ᠲᠣᠭᠤᠷᠢᠭ ᠲᠤ᠂ ᠬᠤᠰᠢᠭᠤᠨ ᠤ ᠯᠧᠺᠲ᠋ᠣᠷ ᠤᠨ ᠪᠦᠯᠬᠦᠮ ᠤᠨ | ᠤᠬᠠᠭᠤᠯᠤᠨ ᠲᠠᠶᠢᠯᠪᠤᠷᠢᠯᠠᠭᠴᠢ ᠠᠴᠠ ᠬᠡᠪ ᠵᠠᠩᠰᠢᠯ ᠢ ᠥᠭᠡᠷᠡᠴᠢᠯᠡᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠠᠶᠢᠯᠪᠤᠷᠢᠯᠠᠬᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠵᠡᠷᠭᠡ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ | ᠠᠷᠠᠳ ᠣᠯᠠᠨ ᠲᠦᠮᠡᠨ ᠳᠤ ᠬᠠᠨᠳᠤᠭᠤᠯᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ | ᠲᠦᠷ ᠴᠠᠭ ᠤᠨ ᠠᠪᠤᠷᠠᠨ ᠲᠤᠰᠠᠯᠠᠬᠤ᠂ ᠥᠨᠳᠥᠷ ᠨᠠᠰᠤᠨ ᠤ ᠨᠡᠮᠡᠭᠦᠷᠢ ᠵᠡᠷᠭᠡ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠣᠯᠠᠨ ᠤ ᠡᠳ᠋ᠯᠡᠵᠦ ᠪᠠᠶᠢᠭ᠎ᠠ ᠲᠥᠷᠥ ᠶᠢᠨ ᠪᠣᠳᠣᠯᠭ᠎ᠠ ᠵᠢᠴᠢ | ᠨᠥᠬᠦᠪᠥᠷᠢ ᠶᠢᠨ ᠲᠥᠷᠥᠯ ᠵᠦᠢᠯ ᠢ ᠡᠮᠬᠢᠯᠡᠨ ᠲᠠᠶᠢᠯᠪᠤᠷᠢᠯᠠᠵᠤ᠂ ᠣᠯᠠᠨ ᠲᠦᠮᠡᠨ ᠳᠤ ︽ᠠᠰᠢᠭ ᠬᠦᠷᠲᠡᠭᠡᠬᠦ︾ ᠶᠢ | ᠦᠨᠡᠨ ᠬᠦ ᠣᠶᠢᠯᠠᠭᠠᠭᠤᠯᠵᠤ᠂ ᠣᠨᠣᠯ ᠢ ᠤᠬᠠᠭᠤᠯᠤᠨ ᠲᠠᠶᠢᠯᠪᠤᠷᠢᠯᠠᠬᠤ ᠪᠠ ᠡᠯ᠎ᠡ ᠵᠦᠢᠯ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠡᠷᠭᠡᠳᠡ ᠦᠨᠡᠨ ᠬᠦ ᠬᠦᠷᠭᠡᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠰᠠᠶᠢᠬᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠣᠣ ᠶᠠᠨ ᠯᠢᠩ ᠬᠡᠯᠡᠬᠦ ᠳᠡᠭᠡᠨ᠄ ︽ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠮᠠᠰᠢ | ᠲᠥᠷᠥᠭᠳᠡᠯ ᠲᠠᠢ ᠪᠠᠶᠢᠵᠤ᠂ ᠤᠬᠠᠭᠤᠯᠤᠨ ᠲᠠᠶᠢᠯᠪᠤᠷᠢᠯᠠᠭᠴᠢ ᠲᠥᠷᠥ ᠶᠢᠨ ᠪᠣᠳᠣᠯᠭ᠎ᠠ ᠶᠢ ᠲᠣᠳᠣᠷᠬᠠᠢ ᠲᠠᠶᠢᠯᠪᠤᠷᠢᠯᠠᠵᠤ | ᠂ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠥᠷᠥ ᠶᠢᠨ | ᠪᠣᠳᠣᠯᠭ᠎ᠠ ᠶᠢ ᠠᠷᠠᠳ ᠣᠯᠠᠨ ᠤ ᠲᠥᠯᠥᠭᠡ ᠦᠨᠡᠨ ᠪᠣᠳᠠᠲᠠᠢ ᠪᠣᠳᠣᠵᠤ᠂ ᠬᠥᠮᠦᠰ ᠤᠨ ᠠᠩᠬᠠᠷᠤᠯ ᠢ ᠲᠠᠲᠠᠭᠰᠠᠨ ᠪᠠ | ᠪᠠᠲᠤᠯᠠᠭ᠎ᠠ ᠶᠢᠨ ᠬᠠᠯᠠᠭᠤᠨ ᠳᠤᠯᠠᠭᠠᠨ ᠲᠥᠷᠥᠭᠳᠡᠯ ᠲᠠᠢ ᠪᠠᠶᠢᠨ᠎ᠠ︾ ᠭᠡᠵᠡᠢ᠃ ︽ᠡᠨᠡ ᠤᠳᠠᠭ᠎ᠠ ᠪᠢᠳᠡ ᠠᠷᠠᠳ | ᠣᠯᠠᠨ ᠤ ᠳᠤᠷ᠎ᠠ ᠰᠣᠨᠢᠷᠬᠠᠯ ᠤᠨ ᠬᠡᠯᠪᠡᠷᠢ ᠪᠠᠷ ᠬᠠᠯᠠᠭᠤᠨ ᠠᠭᠤᠷ ᠣᠷᠭᠢᠯᠤᠨ ᠪᠠᠳᠠᠷᠠᠵᠤ᠂ ᠲᠡᠳᠡᠨ ᠤ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠰᠡᠵᠢᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ | ᠭᠡᠷ ᠳᠣᠲᠣᠷ᠎ᠠ ᠠᠴᠠ ᠪᠠᠨ ᠭᠠᠳᠠᠨ᠎ᠠ ᠨᠡᠭᠦᠵᠦ᠂ ᠣᠨᠣᠯ ᠢ ᠤᠬᠠᠭᠤᠯᠤᠨ ᠲᠠᠶᠢᠯᠪᠤᠷᠢᠯᠠᠬᠤ ᠶᠢ ᠠᠷᠠᠳ ᠣᠯᠠᠨ ᠤ | ᠳᠡᠷᠭᠡᠳᠡ ᠬᠦᠷᠭᠡᠵᠦ᠂ ᠨᠠᠮ ᠤᠨ ᠳᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠤᠨ᠎ᠠ︾ ᠬᠡᠵᠤ | ᠬᠤᠰᠢᠭᠤᠨ ᠤ ᠯᠧᠺᠲ᠋ᠣᠷ ᠤᠨ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠭᠤᠤ ᠶᠤᠸᠠᠨ ᠬᠡᠯᠡᠪᠡ᠃ |