ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠬᠠᠮᠲᠤᠷᠠᠭᠰᠠᠨ ᠬᠤᠷᠠᠯ ᠵᠢᠴᠢ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/6/23
   6 ᠰᠠᠷ᠎ᠠ ᠶᠢᠨ 20 ᠤ ᠡᠳᠦᠷ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠬᠠᠮᠲᠤᠷᠠᠭᠰᠠᠨ ᠬᠤᠷᠠᠯ ᠵᠢᠴᠢ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠠ ᠴᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠳᠤ ᠣᠷᠣᠯᠴᠠᠪᠠ᠃ ᠬᠤᠷᠠᠯ ᠡᠬᠢᠯᠡᠬᠦ ᠠᠴᠠ ᠡᠮᠦᠨ᠎ᠡ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠵᠢᠶᠦ᠋ᠨ ᠵᠢᠶᠧ ᠨᠡᠷ ᠤᠷᠢᠳ ᠬᠤᠵᠢᠳ ᠲᠦᠯᠢᠶᠡᠮᠤᠳᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢ᠊ ᠡᠶ᠎ᠡ᠂ ᠲᠦᠯᠢᠶᠡᠮᠤᠳᠤ ᠭᠤᠣᠯ ᠰᠤᠷᠭᠠᠭᠤᠯᠢ᠂ ᠳᠠᠶᠢᠴᠢᠨᠲᠠᠯ᠎ᠠ ᠰᠤᠮᠤ ᠶᠢᠨ ᠳᠠᠶᠢᠴᠢᠨᠲᠠᠯ᠎ᠠ ᠭᠠᠴᠠᠭ᠎ᠠ ᠳᠤ ᠭᠦᠨᠵᠡᠭᠡᠶᠢᠷᠡᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠡᠮ ᠡᠮᠨᠡᠯᠭᠡ ᠪᠠᠷ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠱᠢᠶ᠎ᠡ ᠦᠵᠡᠭᠦᠯᠬᠦ ᠭᠠᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠬᠤᠷᠠᠯ ᠳᠡᠭᠡᠷ᠎ᠡ᠂ ᠯᠢ ᠵᠢᠶᠦ᠋ᠨ ᠵᠢᠶᠧ ᠢᠯᠡᠷᠬᠡᠶᠢᠯᠡᠬᠦ ᠳᠡᠭᠡᠨ᠂ ᠬᠠᠢ ᠳ᠋ᠢᠶᠠᠨ ᠲᠣᠭᠤᠷᠢᠭ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠨᠢᠭᠲᠠ ᠰᠣᠯᠢᠯᠴᠠᠭ᠎ᠠ ᠶᠢ ᠢᠮᠠᠭᠲᠠ ᠲᠤᠤᠱᠯᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠰᠣᠶᠣᠯ ᠵᠢᠭᠤᠯᠴᠢᠯᠠᠯ ᠢ ᠬᠥᠭᠵᠢᠭᠦᠯᠬᠦ︾ ᠶᠢ ᠳᠡᠮᠵᠢᠵᠦ᠂ ︽ᠬᠡᠷᠡᠭᠯᠡᠭᠡ ᠶᠢ ᠠᠬᠢᠭᠤᠯᠬᠤ︾᠂ ︽ᠠᠵᠢᠯ ᠣᠯᠭᠤᠯᠲᠠ ᠶᠢ ᠨᠡᠮᠡᠭᠳᠡᠭᠦᠯᠬᠦ︾᠂ ︽ᠠᠵᠤ ᠦᠢᠯᠡᠰ ᠢ ᠮᠠᠨᠳᠤᠭᠤᠯᠬᠤ︾ ᠭᠤᠷᠪᠠᠨ ᠲᠤᠰᠬᠠᠢ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠡᠯ᠎ᠡ ᠵᠦᠢᠯ ᠤᠨ ᠬᠠᠮᠵᠢᠯᠴᠠᠬᠤ ᠠᠵᠢᠯ ᠢ ᠦᠷᠭᠦᠯᠵᠢᠯᠡᠨ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠡᠩ ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ ᠭᠡᠵᠡᠢ᠃ ᠼᠠᠢ ᠪᠦᠦ ᠵᠢᠶᠦ᠋ᠨ ᠢᠯᠡᠷᠬᠡᠶᠢᠯᠡᠬᠦ ᠳᠡᠭᠡᠨ᠂ 2021 ᠣᠨ ᠤ ᠬᠠᠶᠢᠳᠢᠶᠠᠨ ᠲᠣᠭᠤᠷᠢᠭ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠬᠤᠣᠰᠯᠠᠨ ᠲᠡᠳᠬᠦᠭᠰᠡᠨ ᠠᠴᠠ ᠨᠠᠰᠢ᠂ ᠬᠠᠢ ᠳ᠋ᠢᠶᠠᠨ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠣᠯᠠᠨ ᠬᠦᠷᠢᠶᠡᠨ ᠳᠠᠬᠢ ᠵᠣᠯᠭᠠᠯᠴᠠᠭ᠎ᠠ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠦᠨᠡᠨ ᠰᠡᠳᠬᠢᠯ ᠠᠴᠠ ᠪᠠᠨ ᠠᠩᠬᠠᠷᠤᠯ ᠢᠶᠠᠨ ᠲᠥᠪᠯᠡᠷᠡᠭᠦᠯᠵᠦ᠂ ᠵᠢᠩᠬᠢᠨᠢ ᠠᠯᠲᠠ ᠮᠥᠩᠭᠦ ᠭᠠᠷᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃    ᠬᠤᠷᠠᠯ ᠤᠨ ᠬᠤᠭᠤᠴᠠᠭᠠᠨ ᠳᠤ᠂ ᠬᠤᠶᠠᠷ ᠭᠠᠵᠠᠷ ᠤᠨ ᠠᠵᠢᠯᠴᠢᠨ ᠤ ᠶᠡᠷᠦᠩᠬᠡᠢ ᠡᠪᠯᠡᠯ ᠬᠠᠮᠲᠤᠷᠠᠯᠴᠠᠭᠠᠨ ᠤ ᠵᠥᠪᠯᠡᠯᠴᠡᠬᠡᠷ ᠲᠣᠭᠲᠠᠵᠤ᠂ ᠬᠠᠢ ᠳ᠋ᠢᠶᠠᠨ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 100 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠬᠠᠨᠳᠢᠪᠯᠠᠵᠤ᠂ ᠬᠠᠢ ᠳ᠋ᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠳᠡᠮᠵᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ 2000 ᠲᠦᠮᠡᠨ ᠲᠥᠭᠦᠷᠢᠭ ᠬᠠᠨᠳᠢᠪᠯᠠᠵᠤ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠳᠤ ᠬᠡᠷᠡᠭᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号