ᠨᠢᠭᠡ᠂ ᠪᠷᠦ᠋ᠼᠧᠯ ᠡᠪᠡᠳᠴᠢᠨ ᠤ ᠦᠨᠳᠦᠰᠦᠨ ᠮᠡᠳᠡᠯᠭᠡ ︵ᠨᠢᠭᠡ︶ ᠡᠪᠡᠳᠴᠢᠨ ᠡᠭᠦᠰᠬᠡᠭᠴᠢ᠄ ᠪᠷᠦ᠋ᠼᠧᠯ | ᠪᠠᠺᠲ᠋ᠧᠷᠢ ᠪᠣᠯ ᠨᠢᠭᠡ ᠵᠦᠢᠯ ᠤᠨ ᠭᠧ ᠯᠠᠨ ᠣᠪᠣᠭᠲᠤ ᠶᠢᠨ ᠪᠢᠯᠢᠭ ᠴᠢᠨᠠᠷᠲᠠᠢ ᠰᠠᠪᠬᠠᠨᠴᠢᠷ ᠪᠠᠺᠲ᠋ᠧᠷᠢ ᠮᠥᠨ᠂ | ᠲᠡᠷᠡ ᠨᠢ ᠣᠯᠠᠨ ᠵᠦᠢᠯ ᠤᠨ ᠨᠢᠶᠠᠨ ᠳᠠᠷᠤᠭᠴᠢ ᠳᠤ ᠰᠡᠷᠭᠡᠭ ᠪᠣᠯᠪᠠᠴᠤ ᠠᠮᠢᠲᠠᠨ ᠤ ᠪᠡᠶ᠎ᠡ ᠳᠤ ᠤᠳᠠᠭᠠᠨ ᠴᠢᠨᠠᠷᠲᠠᠢ | ᠬᠠᠯᠳᠠᠪᠤᠷᠢᠯᠠᠯ ᠡᠭᠦᠰᠬᠡᠳᠡᠭ᠃ ︵ᠬᠤᠶᠠᠷ︶ ᠬᠠᠯᠳᠠᠪᠤᠷᠢᠯᠠᠬᠤ ᠠᠷᠭ᠎ᠠ ᠵᠠᠮ᠄ ᠪᠷᠦ᠋ᠼᠧᠯ ᠡᠪᠡᠳᠴᠢᠨ ᠭᠤᠣᠯᠳᠠᠭᠤ | ᠬᠠᠯᠳᠠᠪᠤᠷᠢᠯᠠᠭᠳᠠᠭᠰᠠᠨ ᠠᠮᠢᠲᠠᠨ ᠤ ᠰᠢᠭᠦᠷᠡᠳᠡᠰᠦ᠂ ᠢᠯᠭᠠᠳᠠᠰᠤ ᠲᠠᠢ ᠰᠢᠭᠤᠳ ᠬᠦᠷᠦᠯᠴᠡᠬᠦ ᠪᠤᠶᠤ ᠭᠦᠢᠴᠡᠳ | ᠬᠠᠯᠠᠭᠠᠭᠰᠠᠨ ᠦᠭᠡᠢ ᠬᠠᠯᠳᠠᠪᠤᠷᠢᠯᠠᠭᠳᠠᠭᠰᠠᠨ ᠠᠮᠢᠲᠠᠨ ᠤ ᠠᠰᠢᠭ ᠰᠢᠮ᠎ᠡ ︵ᠵᠢᠱᠢᠶᠡᠯᠡᠪᠡᠯ ᠮᠢᠬ᠎ᠠ᠂ ᠰᠦ︶ ᠶᠢ | ᠢᠳᠡᠬᠦ ᠪᠠᠷ ᠳᠠᠮᠵᠢᠨ ᠬᠥᠮᠥᠨ ᠲᠥᠷᠥᠯᠬᠢᠲᠡᠨ ᠳᠤ ᠬᠠᠯᠳᠠᠪᠤᠷᠢᠯᠠᠨ᠎ᠠ᠃ ᠡᠭᠦᠨ ᠠᠴᠠ ᠭᠠᠳᠠᠨ᠎ᠠ᠂ ᠰᠢᠪᠠᠵᠢ ᠳᠤ | ᠬᠠᠳᠬᠤᠭᠳᠠᠬᠤ ᠪᠠ ᠬᠡᠢ ᠴᠠᠪᠠᠤᠯᠢᠭ ᠠᠭᠤᠰᠤᠮᠠᠯ ᠢᠶᠠᠷ ᠲᠠᠷᠬᠠᠬᠤ ᠨᠢ ᠴᠦ ᠪᠣᠯᠣᠮᠵᠢᠲᠠᠢ ᠠᠷᠭ᠎ᠠ ᠵᠠᠮ ᠪᠠᠶᠢᠳᠠᠭ᠃ ︵ | ᠭᠤᠷᠪᠠ︶ ᠡᠮᠴᠢᠯᠡᠭᠡᠨ ᠤ ᠰᠢᠨᠵᠢ ᠲᠡᠮᠳᠡᠭ᠄ ᠦᠬᠡᠷ ᠬᠤᠨᠢ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠤ ᠳᠠᠷᠠᠭ᠎ᠠ᠂ | ᠬᠡᠭᠡᠯ ᠬᠠᠶᠠᠬᠤ᠂ ᠬᠡᠭᠡᠯ ᠲᠣᠭᠲᠠᠬᠤ ᠦᠭᠡᠢ᠂ ᠲᠥᠮᠥᠰᠥᠨ ᠤ ᠦᠷᠪᠢᠰᠦᠯ᠂ ᠬᠥᠬᠦᠨ ᠪᠤᠯᠴᠢᠷᠬᠠᠢ ᠶᠢᠨ ᠦᠷᠪᠢᠰᠦᠯ | ᠵᠡᠷᠭᠡ ᠡᠪᠡᠳᠴᠢᠨ ᠤ ᠢᠯᠡᠷᠡᠯ ᠲᠠᠢ ᠪᠠᠶᠢᠳᠠᠭ᠃ ᠭᠡᠪᠡᠴᠦ ᠮᠠᠰᠢ ᠣᠯᠠᠨ ᠠᠮᠢᠲᠠᠨ ᠳᠤ ᠨᠢᠭᠤᠭᠳᠠᠮᠠᠯ ᠴᠢᠨᠠᠷᠲᠠᠢ | ᠬᠠᠯᠳᠠᠪᠤᠷᠢᠯᠠᠯ ᠡᠭᠦᠰᠴᠦ ᠮᠡᠳᠡᠨ᠎ᠡ᠂ ᠳᠠᠷᠤᠢ ᠢᠯᠡᠷᠬᠡᠢ ᠡᠪᠡᠳᠴᠢᠨ ᠤ ᠢᠯᠡᠷᠡᠯ ᠦᠭᠡᠢ ᠪᠣᠯᠪᠠᠴᠤ ᠡᠪᠡᠳᠴᠢᠨ | ᠡᠭᠦᠰᠬᠡᠭᠴᠢ ᠲᠠᠢ ᠪᠠᠶᠢᠳᠠᠭ᠃ | ᠬᠤᠶᠠᠷ᠂ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠄ ︵ᠨᠢᠭᠡ︶ ᠸᠠᠺᠼᠢᠨ ᠤ | ᠲᠠᠷᠢᠯᠭ᠎ᠠ ᠬᠢᠨ᠎ᠡ᠃ ᠨᠢᠭᠡ ᠳᠤ ᠠᠮᠠᠷᠬᠠᠨ ᠬᠠᠯᠳᠠᠪᠤᠷᠢᠯᠠᠭᠳᠠᠳᠠᠭ ᠦᠬᠡᠷ ᠬᠤᠨᠢᠨ ᠳᠤ ᠪᠷᠦ᠋ᠼᠧᠯ ᠪᠠᠺᠲ᠋ᠧᠷᠢ ᠶᠢᠨ | ᠸᠠᠺᠼᠢᠨ ᠤ ᠲᠠᠷᠢᠯᠭ᠎ᠠ ᠬᠢᠵᠦ᠂ ᠰᠦᠷᠦᠭ ᠤᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ | ᠸᠠᠺᠼᠢᠨ ᠤ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ ᠲᠠᠷᠢᠯᠭ᠎ᠠ ᠶᠢᠨ ᠦᠷ᠎ᠡ ᠳ᠋ᠦᠩ ᠢ ᠪᠠᠲᠤᠯᠠᠨ᠎ᠠ᠃ ︵ | ᠬᠤᠶᠠᠷ︶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠲᠡᠵᠢᠭᠡᠪᠦᠷᠢ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃ | ᠬᠤᠶᠠᠷ ᠲᠤ᠂ ᠰᠢᠮ᠎ᠡ ᠲᠡᠵᠢᠭᠡᠯ ᠢ ᠭᠦᠢᠴᠡᠳ ᠬᠠᠩᠭᠠᠵᠤ᠂ ᠦᠬᠡᠷ ᠬᠤᠨᠢᠨ ᠤ ᠡᠭᠡᠯᠢᠯᠡᠭᠡ ᠶᠢᠨ ᠴᠢᠳᠠᠯ ᠢ | ᠨᠡᠮᠡᠭᠳᠡᠭᠦᠯᠦᠨ᠎ᠡ᠃ ︵ᠭᠤᠷᠪᠠ︶ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠮᠡᠳᠡᠭᠦᠯᠦᠯᠲᠡ ᠬᠢᠨ᠎ᠡ᠃ ᠨᠢᠭᠡ ᠳᠤ | ᠦᠬᠡᠷ ᠬᠤᠨᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠷᠦ᠋ᠼᠧᠯ ᠡᠪᠡᠳᠴᠢᠨ ᠤ ᠰᠢᠯᠭᠠᠨ ᠪᠠᠶᠢᠴᠠᠭᠠᠯᠲᠠ ᠬᠢᠵᠦ᠂ | ᠬᠠᠯᠳᠠᠪᠤᠷᠢᠯᠠᠭᠳᠠᠭᠰᠠᠨ ᠠᠮᠢᠲᠠᠨ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ ᠬᠤᠶᠠᠷ ᠲᠤ | ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ | ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠲᠤᠰᠠᠭᠠᠷᠯᠠᠬᠤ᠂ ᠠᠯᠠᠬᠤ ᠵᠡᠷᠭᠡ ᠠᠷᠭ᠎ᠠ ᠬᠡᠮᠵᠢᠶ᠎ᠡ ᠠᠪᠬᠤ | ᠬᠡᠷᠡᠭᠲᠡᠢ᠃ ︵ᠳᠥᠷᠪᠡ︶ ᠠᠮᠢᠳᠠᠨ ᠤ ᠰᠢᠯᠵᠢᠯᠲᠡ ᠶᠢ ᠡᠵᠡᠮᠳᠡᠨ᠎ᠡ᠃ ᠨᠢᠭᠡ ᠳᠤ᠂ ᠬᠢᠵᠢᠭᠲᠦ ᠣᠷᠣᠨ ᠠᠴᠠ ᠦᠬᠡᠷ | ᠬᠤᠨᠢ ᠣᠷᠣᠭᠤᠯᠬᠤ ᠠᠴᠠ ᠵᠠᠶᠢᠯᠠᠰᠬᠢᠵᠦ᠂ ᠡᠪᠡᠳᠴᠢᠨ ᠡᠭᠦᠰᠬᠡᠭᠴᠢ ᠶᠢᠨ ᠣᠷᠣᠵᠤ ᠢᠷᠡᠬᠦ ᠶᠢ ᠰᠡᠷᠭᠡᠶᠢᠯᠡᠨ᠎ᠡ᠃ | ᠬᠤᠶᠠᠷ ᠲᠤ ᠭᠠᠳᠠᠭᠠᠳᠤ ᠠᠴᠠ ᠣᠷᠣᠭᠤᠯᠤᠭᠰᠠᠨ ᠠᠮᠢᠳᠠᠨ ᠤ ᠬᠢᠵᠢᠭ ᠢ ᠪᠠᠶᠢᠴᠠᠭᠠᠬᠤ ᠪᠠ ᠲᠤᠰᠠᠭᠠᠷᠯᠠᠨ | ᠠᠵᠢᠭᠯᠠᠬᠤ ᠶᠢ ᠴᠢᠩᠭᠠᠳᠬᠠᠨ᠎ᠠ᠃ ︵ᠲᠠᠪᠤ︶ ᠬᠤᠪᠢ ᠬᠥᠮᠥᠨ ᠤ ᠬᠠᠮᠠᠭᠠᠯᠠᠯᠲᠠ ᠶᠢ ᠰᠠᠶᠢᠳᠤᠷ ᠬᠢᠨ᠎ᠡ᠃ ᠨᠢᠭᠡ ᠳᠤ᠂ | ᠲᠡᠵᠢᠭᠡᠨ ᠦᠷᠡᠵᠢᠭᠦᠯᠦᠭᠴᠢ ᠪᠡᠭᠡᠯᠡᠢ᠂ ᠠᠮᠠᠪᠴᠢ ᠮᠡᠲᠦ ᠶᠢᠨ ᠵᠣᠬᠢᠬᠤ ᠬᠠᠮᠠᠭᠠᠯᠠᠯᠲᠠ ᠶᠢᠨ ᠲᠥᠬᠦᠭᠡᠷᠦᠮᠵᠢ ᠶᠢ | ᠡᠮᠦᠰᠴᠦ ᠵᠡᠭᠦᠵᠦ᠂ ᠠᠮᠢᠲᠠᠨ ᠤ ᠰᠢᠭᠦᠷᠡᠳᠡᠰᠦ ᠪᠠ ᠢᠯᠭᠠᠳᠠᠰᠤ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠬᠦ | ᠬᠡᠷᠡᠭᠲᠡᠢ᠃ ᠬᠤᠶᠠᠷ ᠲᠤ᠂ ᠠᠮᠢᠲᠠᠨ ᠲᠠᠢ ᠬᠦᠷᠦᠯᠴᠡᠭᠰᠡᠨ ᠤ ᠳᠠᠷᠠᠭ᠎ᠠ ᠳᠠᠷᠦ᠋ᠢᠬᠠᠨ ᠭᠠᠷ ᠢᠶᠠᠨ ᠤᠬᠢᠶᠠᠵᠤ᠂ ᠰᠠᠪᠤᠩ | ᠪᠠ ᠤᠷᠤᠰᠤᠮᠠᠯ ᠤᠰᠤ ᠪᠠᠷ ᠭᠠᠷ ᠢᠶᠠᠨ ᠠᠷᠢᠭᠤᠳᠬᠠᠨ᠎ᠠ᠃ ᠭᠤᠷᠪᠠ ᠳᠤ᠂ ᠭᠦᠢᠴᠡᠳ ᠬᠠᠯᠠᠭᠠᠭᠰᠠᠨ ᠦᠭᠡᠢ | ᠮᠢᠬᠠᠨ ᠤ ᠵᠦᠢᠯ ᠪᠠ ᠴᠠᠭᠠᠨ ᠢᠳᠡᠭᠡᠨ ᠢ ᠢᠳᠡᠬᠦ ᠠᠴᠠ ᠵᠠᠶᠢᠯᠠᠰᠬᠢᠨ᠎ᠡ᠃ ᠳᠥᠷᠪᠡ ᠳᠤ ᠲᠡᠵᠢᠭᠡᠨ ᠦᠷᠡᠵᠢᠭᠦᠯᠬᠦ | ᠠᠵᠢᠯᠲᠠᠨ᠂ ᠮᠠᠯ ᠤᠨ ᠡᠮᠴᠢ ᠵᠡᠷᠭᠡ ᠠᠶᠤᠯ ᠲᠦᠭᠰᠢᠭᠦᠷᠢ ᠶᠡᠬᠡᠲᠡᠢ ᠠᠵᠢᠯ ᠮᠡᠷᠭᠡᠵᠢᠯ ᠤᠨ ᠬᠥᠮᠥᠰ ᠲᠤ ᠲᠣᠭᠲᠠᠮᠠᠯ | ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠵᠦ᠂ ᠨᠢᠭᠤᠭᠳᠠᠮᠠᠯ ᠬᠠᠯᠳᠠᠪᠤᠷᠢᠯᠠᠯ ᠢ ᠴᠠᠭ | ᠲᠤᠬᠠᠢ ᠳᠤᠨᠢ ᠣᠯᠵᠤ ᠮᠡᠳᠡᠬᠦ ᠶᠢᠨ ᠬᠠᠮᠳᠤ ᠰᠢᠢᠳᠪᠦᠷᠢᠯᠡᠬᠦ ᠬᠡᠷᠡᠭᠲᠡᠢ᠃ | | | |