ᠰᠦᠨ ᠱᠤᠤ ᠴᠧᠩ ᠬᠤᠷᠠᠯ ᠢ ᠡᠷᠭᠢᠯᠡᠵᠡᠢ | 6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠰᠦᠳᠦᠭᠡᠷ ᠵᠢᠭᠠᠨ ᠵᠢᠯᠣᠭᠤᠳᠬᠤ ᠳᠤᠭᠤᠶᠢᠯᠠᠩ ᠤᠨ | ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ | ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠨᠠᠬᠰᠢᠳᠠ ᠪᠠᠶᠢᠷᠢᠯᠠᠭᠤᠯᠵᠤ᠂ ᠮᠠᠨ ᠤ | ᠣᠷᠣᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠠᠬᠦᠯᠤᠨ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠠᠬᠢᠭᠤᠯᠵᠤ ᠪᠠᠶᠢᠭ᠎ᠠ ᠵᠠᠩᠭᠢᠯᠠᠭ᠎ᠠ ᠶᠢᠨ ᠱᠠᠲᠤᠨ ᠳᠤ᠂ ᠨᠠᠮ ᠤᠨ | ᠲᠥᠪ ᠬᠤᠷᠢᠶ᠎ᠠ ᠠᠴᠠ ᠵᠢᠭᠠᠨ ᠵᠢᠯᠣᠭᠤᠳᠬᠤ ᠳᠤᠭᠤᠶᠢᠯᠠᠩ ᠲᠣᠮᠢᠯᠠᠨ ᠥᠪᠥᠷ ᠮᠣᠩᠭᠤᠯ ᠳᠤ ᠢᠷᠡᠭᠦᠯᠵᠤ ᠠᠵᠢᠯ | ᠥᠷᠨᠢᠭᠦᠯᠬᠦ ᠨᠢ ᠪᠢᠳᠡᠨ ᠢ ᠱᠠᠯᠠᠪᠳᠠᠭᠤᠯᠵᠤ ᠪᠠᠶᠢᠬᠤ ᠮᠥᠷᠲᠡᠭᠡᠨ ᠪᠠᠰᠠ ᠬᠠᠯᠠᠮᠵᠢᠯᠠᠵᠤ ᠪᠠᠶᠢᠭ᠎ᠠ ᠶᠠᠪᠤᠳᠠᠯ ᠪᠤᠯᠤᠨ᠎ᠠ᠃ | ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ | ᠰᠤᠷᠤᠯᠴᠠᠯᠭ᠎ᠠ ᠬᠥᠮᠦᠵᠢᠯ ᠥ ᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠲᠥᠪ ᠤᠨ ᠵᠢᠭᠠᠨ ᠵᠢᠯᠣᠭᠤᠳᠬᠤ ᠳᠤᠭᠤᠶᠢᠯᠠᠩ ᠲᠠᠢ ᠦᠨᠡᠨ ᠬᠦ ᠨᠢᠭᠲᠠ | ᠬᠠᠮᠵᠢᠯᠴᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠳᠠ ᠦᠭᠬᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠨ | ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠬᠢᠵᠦ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ | ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠢᠢ | ᠦᠢᠯᠡᠳᠦᠯᠭᠡᠵᠢᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠳᠤᠷᠢᠳᠬᠤ ᠪᠠᠭ ᠤᠨ ᠪᠦᠷᠢᠯᠳᠦᠬᠦᠨ | ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠭᠡᠵᠦ᠂ | ᠳᠠᠷᠤᠯᠲᠠ ᠶᠢ ᠱᠠᠳᠤ ᠱᠠᠳᠤ ᠪᠠᠷ ᠳᠠᠮᠵᠢᠭᠤᠯᠵᠤ᠂ ᠡᠴᠦᠰ ᠲᠤᠨᠢ ᠲᠤᠯᠲᠠᠯ᠎ᠠ᠂ ᠥᠨᠴᠥᠭ ᠪᠤᠯᠤᠩ ᠦᠯᠡᠳᠡᠭᠡᠯ | ᠦᠭᠡᠢ ᠪᠠᠷ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠬᠦᠴᠦᠨ ᠢ ᠰᠠᠶᠢᠲᠤᠷ ᠠᠰᠢᠭᠯᠠᠵᠤ | ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠴᠢᠩᠭ᠎ᠠ ᠪᠣᠳᠠᠲᠠᠢ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠯᠠᠨ ᠠᠷᠭ᠎ᠠ ᠵᠠᠮ ᠤᠯᠠᠨ | ᠬᠡᠯᠪᠡᠷᠢ ᠪᠠᠷ ᠠᠰᠠᠭᠤᠳᠠᠯ ᠢ ᠲᠦᠢᠯᠪᠤᠷᠢᠳᠠᠢ ᠪᠠᠶᠢᠴᠠᠭᠠᠵᠤ᠂ ᠠᠰᠠᠭᠤᠳᠠᠯ ᠢ ᠵᠠᠳᠠᠯᠵᠤ ᠰᠤᠳᠤᠯᠤᠨ ᠮᠠᠭᠠᠳᠯᠠᠬᠤ ᠪᠠᠨ | ᠴᠢᠩᠭᠠᠳᠬᠠᠵᠤ᠂ ᠤᠳᠤᠬᠠᠨ ᠳᠤ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠪᠠᠷᠢᠨ ᠴᠡᠭᠴᠡᠯᠡᠨ ᠰᠠᠶᠢᠵᠢᠷᠠᠭᠤᠯᠵᠤ᠂ | ᠠᠪᠤᠨ ᠳᠣᠣᠷ᠎ᠠ ᠪᠠᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠤᠷᠳᠤ ᠬᠤᠭᠤᠴᠠᠭ᠎ᠠ ᠪᠠᠷ ᠪᠣᠭᠤᠮᠲᠠ | ᠰᠢᠪᠲᠤᠯᠬᠤ ᠴᠢᠬᠤᠯᠠᠲᠠᠢ ᠶᠢ ᠨᠢ ᠵᠦᠢ ᠵᠣᠬᠢᠰᠲᠠᠢ ᠲᠥᠯᠥᠪᠵᠢᠭᠦᠯᠦᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ | ᠠᠯᠬᠤᠮ ᠠᠯᠬᠤᠮ ᠢᠶᠠᠷ ᠯᠠᠪᠳᠠᠭᠤᠨ ᠤᠷᠤᠭᠰᠢᠯᠠᠬᠤ ᠬᠡᠷᠡᠭᠲᠡᠢ᠃ ᠦᠩᠬᠡᠨ ᠲᠠᠯ᠎ᠠ ᠪᠠ ᠦᠨᠳᠦᠰᠦᠨ ᠠᠴᠠ ᠨᠢ | ᠵᠠᠰᠠᠬᠤ ᠶᠢ ᠪᠠᠷᠢᠮᠲᠠᠯᠠᠵᠤ᠂ ᠬᠡᠷᠡᠭᠵᠢᠭᠦᠯᠵᠦ ᠪᠣᠯᠬᠤᠶᠢᠴᠠ ᠲᠦᠷᠢᠮ ᠢ ᠲᠣᠭᠲᠠᠭᠠᠬᠤ ᠶᠢᠨ ᠬᠠᠮᠲᠤ ᠬᠠᠳᠠᠭᠤ | ᠬᠡᠷᠡᠭᠵᠢᠭᠦᠯᠦᠯᠲᠡ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠠᠴᠠ ᠨᠢ ᠠᠬᠢᠭᠤᠯᠬᠤ ᠪᠠᠷ | ᠴᠢᠷᠮᠠᠶᠢᠬᠤ ᠬᠡᠷᠡᠭᠲᠡᠢ᠃ ᠵᠢᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠭᠥᠯᠢᠶᠡᠨ | ᠠᠪᠴᠤ ᠰᠢᠢᠳᠪᠦᠷᠢᠯᠡᠬᠦ ᠲᠣᠭᠲᠡᠴᠡ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ | ᠬᠦᠴᠦᠲᠡᠶ ᠠᠬᠢᠭᠤᠯᠬᠤ ᠬᠡᠷᠡᠭᠲᠡᠶ᠃ ᠡᠯ᠎ᠡ ᠲᠦᠷᠦᠯ ᠤᠨ ᠬᠢᠨᠠᠯᠳᠠ ᠲᠠᠯᠪᠢᠵᠤ ᠪᠠᠶᠢᠴᠠᠭᠠᠬᠤ ᠳᠤ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ | ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠸᠧᠢ ᠱᠤᠸᠠᠨ ᠱᠢ ᠵᠡᠷᠭᠡ ᠬᠥᠮᠦᠰ ᠤᠨ ᠲᠤᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ | ᠠᠰᠠᠭᠤᠳᠠᠯ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠡᠭᠦᠰᠴᠡᠢ᠂ ᠡᠨᠡ ᠪᠣᠯ ᠬᠠᠤᠯᠢ ᠴᠠᠭᠠᠵᠠ ᠰᠠᠬᠢᠯᠭ᠎ᠠ ᠪᠠᠳᠤ ᠶᠢ | ᠬᠠᠶᠢᠬᠤᠷᠬᠤ ᠦᠬᠡᠢ᠂ ᠵᠤᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠶᠢ ᠵᠥᠷᠢᠴᠡᠬᠰᠡᠨ ᠨᠡᠶᠢᠲᠡᠯᠢᠭ ᠬᠡᠷᠡᠭ | ᠪᠤᠯᠤᠨ᠎ᠠ᠂ ᠲᠦᠢᠯ ᠤᠨ ᠮᠠᠭᠤ ᠨᠥᠯᠥᠭᠡ ᠲᠠᠢ ᠪᠦᠭᠡᠳ ᠲᠦᠢᠯ ᠤᠨ ᠬᠠᠷᠠᠰᠠᠯᠲᠠᠢ ᠰᠤᠷᠭᠠᠮᠵᠢ ᠪᠣᠯᠤᠨ᠎ᠠ᠃ | ᠬᠤᠷᠠᠯ ᠳᠤ ᠣᠷᠣᠯᠴᠠᠭᠰᠠᠨ ᠨᠥᠬᠦᠳ ᠶᠠᠷᠢᠯᠴᠠᠬᠤ ᠪᠠᠷ ᠲᠠᠮᠵᠢᠨ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ | ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ | ᠰᠤᠷᠲᠠᠯ ᠢ ᠲᠦᠷᠦᠭᠦᠯᠡᠨ ᠡᠰᠡᠷᠭᠦᠴᠡᠨ᠎ᠡ ᠭᠡᠵᠦ ᠰᠠᠨᠠᠯ ᠨᠢᠭᠡᠲᠡᠶ ᠢᠯᠡᠳᠭᠡᠵᠡᠭᠡᠪᠡ᠃ ᠡᠯ᠎ᠡ ᠱᠠᠲᠤᠨ ᠤ ᠬᠢᠨ | ᠬᠡᠷᠡᠭ ᠢᠶᠠᠷ ᠲᠣᠯᠢ ᠪᠣᠯᠭᠠᠬᠤ ᠶᠢ ᠴᠢᠩᠭᠠᠳᠬᠠᠵᠤ᠂ ᠭᠦᠨᠵᠡᠭᠡᠶ ᠰᠤᠷᠭᠠᠮᠵᠢ ᠠᠪᠴᠤ᠂ ᠨᠠᠮ ᠤᠨ ᠭᠡᠰᠢᠭᠦᠨ᠂ ᠺᠠᠳ᠋ᠷ ᠢ | ᠬᠥᠲᠥᠯᠥᠨ ᠵᠢᠯᠣᠭᠤᠳᠴᠤ ᠭᠦᠨᠵᠡᠭᠡᠶ ᠪᠠᠶᠢᠴᠠᠭᠠᠨ ᠡᠷᠬᠢᠴᠡᠬᠦᠯᠦᠨ ᠲᠤᠩᠭᠠᠵᠤ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠠᠰᠠᠭᠤᠳᠠᠯ ᠤᠨ ᠮᠥᠨ ᠴᠢᠨᠠᠷ ᠪᠠ ᠬᠤᠤᠷ ᠬᠥᠨᠥᠭᠡᠯ ᠢ ᠲᠣᠳᠣᠷᠬᠠᠶ ᠲᠠᠨᠢᠭᠤᠯᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠡᠪᠴᠢᠬᠦ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠬᠦᠴᠦᠲᠡᠶ | ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠤᠷᠢᠭᠤᠳᠠ ᠡᠰᠡᠷᠭᠦᠴᠡᠯᠳᠦᠨ | ᠰᠠᠬᠢᠯᠭ᠎ᠠ ᠪᠠᠲᠤ ᠶᠢ ᠵᠥᠷᠢᠴᠡᠭᠰᠡᠳ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ︽ᠤᠭᠲᠤ | ᠠᠭᠤᠴᠢᠯᠠᠬᠤ ᠥᠬᠡᠶ︾ ᠪᠠᠶᠢᠬᠤ ᠶᠢ ᠢᠯᠡᠷᠡᠭᠦᠯᠵᠦ᠂ ᠴᠢᠩᠭ᠎ᠠ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠶ᠃ | ᠵᠠᠯᠬᠠᠭᠠᠬᠤ᠂ ᠵᠠᠰᠠᠬᠤ᠂ ᠰᠡᠷᠭᠡᠶᠢᠯᠡᠬᠦ ᠶᠢ ᠨᠢᠭᠡ ᠴᠤᠬᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠲᠦᠷᠢᠮ ᠤᠨ | ᠳᠤᠲᠠᠭᠤᠳᠠᠯ ᠪᠣᠯᠤᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠳᠤ ᠴᠢᠭᠯᠡᠭᠦᠯᠦᠨ ᠲᠦᠷᠢᠮ ᠲᠣᠭᠲᠠᠭᠠᠯ | ᠲᠣᠭᠲᠠᠭᠠᠬᠤ ᠶᠢ ᠰᠠᠶᠢᠲᠤᠷ ᠠᠳᠬᠤᠵᠤ᠂ ︽ᠬᠤᠷᠴᠡ ᠢᠷᠳᠤ︾ ᠬᠠᠲᠠᠭᠤ ᠪᠠᠷᠢᠮᠵᠢᠶ᠎ᠠ ᠶᠢ ᠲᠦᠷᠭᠡᠨ ᠲᠣᠭᠲᠠᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ |