ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 22 ᠤᠨ ᠡᠳᠦᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠰᠦᠳᠦᠭᠡᠷ ᠵᠢᠭᠠᠨ | ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠳᠤ ᠵᠢᠭᠠᠨ ᠵᠢᠯᠣᠭᠤᠳᠴᠤ | ᠬᠢᠨᠠᠨ ᠵᠢᠯᠣᠭᠤᠳᠬᠤ ᠠᠭᠤᠯᠵᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠵᠢᠰᠦᠳᠦᠭᠡᠷ ᠵᠢᠭᠠᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᠳ᠋ᠦ᠋ ᠵᠢᠶᠠ ᠬᠤᠤ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠦ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠠᠵᠢᠯ ᠤᠨ ᠡᠭᠦᠷᠭᠡ᠂ | ᠶᠡᠷᠦᠩᠬᠡᠢ ᠲᠤᠬᠢᠷᠠᠭᠤᠯᠤᠯᠲᠠ ᠶᠢ ᠵᠠᠷᠯᠠᠨ ᠨᠡᠶᠢᠳᠡᠯᠡᠭᠰᠡᠨ ᠪᠥᠭᠡᠳ ᠵᠢᠭᠠᠨ ᠵᠢᠯᠣᠭᠤᠳᠬᠤ ᠳᠤᠭᠤᠶᠢᠯᠠᠩ ᠤᠨ ᠠᠵᠢᠯ ᠳᠤ | ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃ | ᠲᠥᠪ ᠤᠨ ᠵᠢᠰᠦᠳᠦᠭᠡᠷ ᠵᠢᠭᠠᠨ ᠵᠢᠯᠣᠭᠤᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠵᠠᠢ᠃ | ᠳ᠋ᠦ᠋ ᠵᠢᠶᠠ ᠬᠤᠤ᠂ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠣᠳᠣᠬᠠᠨ ᠳᠤ᠂ ᠰᠤᠷᠤᠯᠴᠠᠯᠭ᠎ᠠ ᠬᠥᠮᠦᠵᠢᠯ ᠢ ᠶᠠᠭ | ᠭᠦᠨᠵᠡᠭᠡᠶᠢᠷᠡᠭᠦᠯᠦᠨ ᠠᠬᠢᠭᠤᠯᠵᠤ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠤᠯᠬᠤ | ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠨᠠᠮ ᠤᠨ ᠲᠥᠪ ᠬᠤᠷᠢᠶ᠎ᠠ ᠠᠴᠠ ᠦᠷᠭᠦᠯᠵᠢᠯᠡᠨ ᠵᠢᠭᠠᠨ | ᠵᠢᠯᠣᠭᠤᠳᠬᠤ ᠳᠤᠭᠤᠶᠢᠯᠠᠩ ᠲᠣᠮᠢᠯᠠᠭᠰᠠᠨ ᠶᠠᠪᠤᠳᠠᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ ᠪᠣᠳᠠᠲᠠᠶ ᠠᠳᠬᠤᠨ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠳᠠᠷᠤᠯᠲᠠ ᠶᠢ ᠳᠠᠮᠵᠢᠭᠤᠯᠤᠨ ᠬᠤᠯᠪᠣᠭᠳᠠᠯ ᠪᠥᠬᠦᠶ ᠭᠠᠵᠠᠷ ᠣᠷᠣᠨ | ᠪᠠ ᠨᠢᠭᠡᠴᠢ ᠶᠢᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠬᠦᠴᠦᠲᠡᠶ ᠠᠷᠭ᠎ᠠ ᠬᠡᠮᠵᠢᠶ᠎ᠡ | ᠮᠥᠨ᠃ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠰᠤᠷᠤᠯᠴᠠᠯᠭ᠎ᠠ ᠬᠥᠮᠦᠵᠢᠯ ᠤᠨ | ᠵᠠᠩᠭᠢᠯᠠᠭ᠎ᠠ ᠶᠢᠨ ᠬᠤᠭᠤᠴᠠᠭᠠᠨ ᠳᠤ ᠲᠥᠪ ᠤᠨ ᠵᠢᠭᠠᠨ ᠵᠢᠯᠣᠭᠤᠳᠬᠤ ᠳᠤᠭᠤᠶᠢᠯᠠᠩ ᠢ ᠦᠷᠭᠦᠯᠵᠢᠯᠡᠨ | ᠲᠣᠮᠢᠯᠠᠭᠰᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ | ᠠᠳᠬᠤᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ | ᠠᠷᠭᠠᠴᠠᠭᠠᠨ ᠥᠩᠭᠡᠷᠡᠬᠦᠯᠬᠦ ᠪᠤᠳᠤᠯ᠂ ︽ᠨᠢᠭᠡᠨ ᠴᠠᠭ ᠤᠨ ᠰᠠᠯᠬᠢ︾ ᠶᠢᠨ ᠦᠵᠡᠯ ᠰᠠᠨᠠᠭ᠎ᠠ ᠶᠢ ᠡᠷᠡᠰ ᠲᠡᠪᠴᠢᠵᠦ᠂ | ᠠᠵᠢᠯ ᠢᠶᠠᠨ ᠨᠠᠩ ᠯᠠᠪᠳᠠᠭᠤᠨ ᠪᠠᠲᠤᠲᠠᠶ᠂ ᠨᠠᠩ ᠭᠦᠨᠵᠡᠭᠡᠶ᠂ ᠨᠠᠩ ᠲᠤᠭᠤᠰᠢᠳᠠᠢ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠳ᠋ᠦ᠋ ᠵᠢᠶᠠ ᠬᠤᠤ᠂ ᠲᠥᠪ ᠤᠨ ᠵᠢᠭᠠᠨ ᠵᠢᠯᠣᠭᠤᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ | ᠲᠣᠳᠣᠷᠬᠠᠶᠢᠯᠠᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠶᠢ ᠴᠢᠩᠭ᠎ᠠ ᠵᠢᠷᠤᠮᠯᠠᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠶ᠊ ᠡᠶ᠎ᠡ ᠳᠤ ᠨᠢᠬᠳᠠ ᠲᠦᠰᠢᠭᠯᠡᠵᠦ᠂ ᠡᠭᠦᠷᠭᠡ ᠬᠠᠷᠢᠭᠤᠴᠠᠯᠭ᠎ᠠ ᠪᠠᠨ | ᠴᠢᠩᠭ᠎ᠠ ᠪᠣᠳᠠᠲᠠᠢ ᠭᠦᠢᠴᠡᠳᠭᠡᠵᠦ᠂ ᠲᠥᠪ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠵᠢᠭᠠᠨ ᠵᠢᠯᠣᠭᠤᠳᠴᠤ ᠬᠢᠨᠠᠨ ᠵᠢᠯᠣᠭᠤᠳᠴᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠶᠢ | ᠵᠢᠭᠠᠨ ᠵᠢᠯᠣᠭᠤᠳᠴᠤ ᠬᠢᠨᠠᠨ ᠵᠢᠯᠣᠭᠤᠳᠴᠤ᠂ ᠠᠰᠠᠭᠤᠳᠠᠯ ᠢ ᠣᠨᠣᠪᠴᠢᠲᠠᠢ ᠡᠷᠢᠬᠦ ᠶᠢ ᠵᠢᠭᠠᠨ ᠵᠢᠯᠣᠭᠤᠳᠴᠤ ᠬᠢᠨᠠᠨ | ᠵᠢᠯᠣᠭᠤᠳᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠵᠢᠭᠠᠨ ᠵᠢᠯᠣᠭᠤᠳᠤᠨ ᠬᠢᠨᠠᠨ ᠵᠢᠯᠣᠭᠤᠳᠴᠤ᠂ ᠲᠦᠷᠢᠮ | ᠲᠣᠭᠲᠠᠭᠠᠯ ᠲᠣᠭᠲᠠᠭᠠᠬᠤ ᠶᠢ ᠵᠢᠭᠠᠨ ᠵᠢᠯᠣᠭᠤᠳᠴᠤ ᠬᠢᠨᠠᠨ ᠵᠢᠯᠣᠭᠤᠳᠴᠤ᠂ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠨᠢᠭᠡ ᠰᠡᠳᠦᠪ ᠲᠤ ᠬᠠᠮᠲᠤ ᠪᠠᠷ ᠬᠠᠷᠢᠭᠤᠯᠳᠠ | ᠦᠭᠬᠦ ᠶᠢ ᠪᠠᠷᠢᠮᠲᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠠᠵᠢᠯ ᠤᠨ ᠬᠠᠷᠢᠭᠤᠴᠠᠯᠭ᠎ᠠ ᠠᠴᠠ ᠪᠠᠨ ᠲᠠᠪᠠᠭ᠋ᠤ | ᠦᠭᠡᠢ ᠪᠠᠶᠢᠬᠤ ᠶᠢ ᠪᠡᠶᠡᠯᠡᠭᠦᠯᠦᠨ᠎ᠡ᠃ ᠲᠥᠪ ᠤᠨ ᠵᠢᠭᠠᠨ ᠵᠢᠯᠣᠭᠤᠳᠬᠤ ᠳᠤᠭᠤᠶᠢᠯᠠᠩ ᠤᠨ ᠠᠵᠢᠯ ᠳᠤ ᠪᠥᠬᠦ | ᠬᠦᠴᠦᠨ ᠢᠶᠠᠷ ᠢᠶᠠᠨ ᠬᠠᠮᠵᠢᠯᠴᠠᠨ ᠳᠡᠮᠵᠢᠵᠦ᠂ ᠴᠢᠩᠭ᠎ᠠ ᠬᠢᠨᠠᠯᠳᠠ ᠲᠠᠯᠪᠢᠨ ᠦᠨᠡᠨ ᠪᠣᠳᠠᠲᠠᠶ ᠵᠢᠯᠣᠭᠤᠳᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠴᠢᠩᠭ᠎ᠠ ᠪᠣᠳᠠᠲᠠᠶ ᠪᠠᠶᠢᠬᠤ ᠶᠢ ᠪᠠᠷᠢᠮᠲᠠᠯᠠᠨ᠂ | ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠪᠠᠷᠢᠮᠲᠠᠯᠠᠨ᠂ | ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠶᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠦᠨ ᠱᠤᠤ ᠴᠧᠩ᠂ ᠲᠥᠪ ᠤᠨ ᠵᠢᠭᠠᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠭᠦᠨᠵᠡᠭᠡᠶᠢᠷᠡᠨ | ᠵᠢᠭᠠᠨ ᠵᠢᠯᠣᠭᠤᠳᠴᠤ ᠬᠢᠨᠠᠨ ᠵᠢᠯᠣᠭᠤᠳᠬᠤ ᠠᠵᠢᠯ ᠢ ᠥᠷᠨᠢᠭᠦᠯᠬᠦ ᠨᠢ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠶ᠊ ᠡᠶ᠎ᠡ ᠠᠴᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠶ᠊ ᠡᠶ᠎ᠡ ᠪᠠᠷ | ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠢᠳᠡᠨ ᠤ | ᠳᠤᠲᠠᠭᠤᠳᠠᠯ ᠠᠯᠳᠠᠭᠳᠠᠯ ᠢᠶᠠᠨ ᠨᠥᠬᠦᠪᠥᠷᠢᠯᠡᠬᠦ᠂ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠴᠢᠬᠤᠯᠠ | ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠲᠠᠬᠢᠨ ᠰᠤᠷᠤᠯᠴᠠᠵᠤ ᠲᠠᠬᠢᠨ ᠨᠠᠶᠢᠳᠠᠪᠤᠷᠢᠵᠢᠭᠤᠯᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠭᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠤᠷᠤᠯᠴᠠᠯᠭ᠎ᠠ ᠬᠥᠮᠦᠵᠢᠯ ᠢ ᠵᠣᠬᠢᠶᠠᠨ | ᠪᠠᠶᠢᠭᠤᠯᠵᠤ ᠥᠷᠨᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠲᠥᠪ ᠤᠨ ᠵᠢᠭᠠᠨ ᠵᠢᠯᠣᠭᠤᠳᠬᠤ | ᠳᠤᠭᠤᠶᠢᠯᠠᠩ ᠤᠨ ᠠᠵᠢᠯ ᠢ ᠪᠦᠬᠦ ᠬᠦᠴᠦ ᠪᠠᠷ ᠢᠶᠠᠨ ᠲᠡᠮᠵᠢᠨ ᠬᠠᠮᠵᠢᠯᠴᠠᠵᠤ᠂ ᠲᠥᠪ ᠴᠢᠩᠭ᠎ᠠ ᠴᠢᠩ ᠦᠨᠡᠨᠴᠢ ᠪᠠᠷ | ᠵᠢᠭᠠᠨ ᠵᠢᠯᠤᠭᠤᠳᠴᠤ ᠬᠢᠨᠠᠨ ᠵᠢᠯᠤᠭᠤᠳᠬᠤ ᠶᠢ ᠬᠦᠯᠢᠶᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠢᠭᠡ ᠠᠴᠠ ᠨᠦᠬᠦᠬᠡ ᠶᠢ ᠵᠦᠢᠴᠢᠯᠡᠨ | ᠮᠡᠳᠡᠵᠤ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ ᠢ ᠨᠡᠩ ᠴᠢᠨᠠᠷ ᠰᠠᠶᠢᠲᠠᠢ | ᠠᠳᠬᠤᠨ᠎ᠠ᠃ ᠸᠧᠶ ᠱᠤᠸᠠᠨ ᠱᠢ ᠵᠡᠷᠭᠡ ᠬᠥᠮᠦᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠵᠤ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠠᠴᠠ ᠭᠦᠨᠵᠡᠭᠡᠶ | ᠰᠤᠷᠭᠠᠮᠵᠢ ᠠᠪᠴᠤ᠂ ᠬᠡᠷᠡᠭ ᠢᠶᠠᠷ ᠲᠣᠯᠢ ᠪᠣᠯᠭᠠᠨ᠂ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠦᠷ᠎ᠡ ᠪᠦᠲᠦᠮᠵᠢ ᠤᠯᠬᠤ ᠶᠢ | ᠠᠬᠢᠭᠤᠯᠤᠨ᠎ᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ᠂ ᠠᠷᠠᠳ ᠤᠨ ᠲᠦᠯᠦᠭᠡ ᠬᠦᠴᠢᠷ | ᠠᠰᠠᠭᠤᠳᠠᠯ ᠢ ᠰᠢᠢᠳᠪᠦᠷᠢᠯᠡᠵᠦ ᠪᠣᠳᠠᠲᠤ ᠶᠠᠪᠤᠳᠠᠯ ᠬᠢᠬᠦ ᠶᠢ ᠵᠣᠷᠢᠭᠵᠢᠭᠤᠯᠵᠤ᠂ ᠰᠢᠯᠢᠳᠡᠭ ᠰᠤᠷᠲᠠᠯ ᠢᠶᠠᠷ ᠡᠭᠡ | ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠳᠦᠭᠡᠨ | ᠪᠠᠶᠢᠭᠤᠯᠤᠨ᠎ᠠ ᠭᠡᠵᠦ ᠢᠯᠡᠳᠭᠡᠪᠡ᠃ | |