ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 111 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/25
   6 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 111 ᠳ᠋ᠤᠭᠡᠷ ᠤᠳᠠᠭᠠᠨ ᠤ ᠪᠠᠶᠢᠩᠭᠤ ᠶᠢᠨ ᠬᠤᠷᠢ᠊ ᠡᠶ᠎ᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠵᠢᠴᠢ ᠥᠪᠡᠷᠲᠡᠭᠡᠨ ᠵᠠᠰᠠᠬᠤ ᠣᠷᠣᠨ ᠂ ᠠᠶᠢᠮᠠᠭ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠵᠤ᠂ ᠪᠦᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠣᠶᠢᠯᠠᠭᠠᠵᠤ᠂ ᠬᠥᠭᠵᠢᠯᠲᠡ ᠶᠢᠨ ᠬᠠᠷᠠᠯᠲᠠ ᠶᠢ ᠣᠨᠣᠪᠴᠢᠲᠠᠢ ᠣᠯᠵᠤ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠰᠤᠷᠭᠠᠨ ᠬᠥᠮᠦᠵᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠴᠢᠩᠭ᠎ᠠ ᠬᠡᠷᠡᠭᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠦᠲᠦᠮᠵᠢᠲᠦ ᠴᠢᠨᠠᠷ ᠢ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃   ᠬᠤᠷᠠᠯ ᠠᠴᠠ᠂ ᠰᠦᠨ ᠱᠤᠤ ᠴᠧᠩ ᠱᠦᠵᠢ ᠶᠢᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠰᠤᠷᠤᠯᠴᠠᠬᠤ ᠨᠢ ᠶᠠᠰᠤ ᠴᠢᠨᠠᠷ ᠲᠠᠢ᠂ ᠪᠠᠶᠢᠴᠠᠭᠠᠬᠤ ᠨᠢ ᠡᠷᠴᠢᠮ ᠲᠠᠢ᠂ ᠵᠠᠰᠠᠬᠤ ᠨᠢ ᠦᠷ᠎ᠡ ᠪᠦᠲᠦᠮᠵᠢᠲᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ︽ᠰᠤᠷᠤᠯᠴᠠᠬᠤ ᠨᠢ ᠰᠡᠳᠬᠢᠯ ᠵᠢᠷᠦᠬᠡᠨ ᠳᠤ ᠪᠠᠨ ᠬᠠᠳᠠᠩᠰᠢᠵᠤ᠂ ︽ᠪᠠᠶᠢᠴᠠᠭᠠᠬᠤ︾ ᠳᠤ ᠦᠨᠳᠦᠰᠦ ᠠᠴᠠ ᠨᠢ ᠤᠬᠤᠴᠢᠯᠠᠨ ᠠᠰᠠᠭᠤᠵᠤ᠂ ︽ᠵᠠᠰᠠᠬᠤ︾ ᠶᠢ ᠲᠦᠢᠯᠪᠤᠷᠢᠲᠠᠢ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠬᠦᠨᠳᠦ ᠨᠣᠴᠢᠲᠠᠢ ᠤᠯᠤᠰ ᠲᠥᠷᠥ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠬᠡᠷᠡᠭ ᠢᠶᠠᠷ ᠲᠣᠯᠢ ᠪᠣᠯᠭᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠡᠳᠬᠢᠯ ᠳᠡᠭᠡᠨ ᠡᠮᠢᠶᠡᠯ ᠲᠠᠢ᠂ ᠬᠡᠯᠡᠬᠦ ᠳᠤ ᠴᠡᠭᠡᠷ ᠲᠠᠢ᠂ ᠬᠢᠬᠦ ᠳᠤ ᠬᠤᠷᠢᠭ᠎ᠠ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠱᠠᠲᠤᠨ ᠤ ᠡᠯ᠎ᠡ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠠᠯᠠᠭ᠎ᠠ ᠮᠥᠴᠢᠷ ᠲᠤ ᠭᠦᠨᠵᠡᠭᠡᠶᠢᠷᠡᠨ᠂ ᠣᠯᠠᠨ ᠲᠦᠮᠡᠨ ᠤ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠤᠬᠠᠢ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号