6 ᠰᠠᠷ᠎ᠠ ᠶᠢᠨ 23 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠣᠷᠳᠣ ᠬᠤᠭᠤᠴᠠᠭᠠᠨ ᠤ | ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠥᠷᠥ ᠶᠢ | ᠵᠠᠰᠠᠵᠤ ᠵᠠᠰᠠᠭ ᠢ ᠡᠷᠭᠢᠯᠡᠭᠦ ᠨᠢᠭᠡᠨ ᠵᠦᠢᠯ ᠤᠨ ᠴᠢᠬᠤᠯᠠ ᠠᠷᠭ᠎ᠠ ᠭᠡᠯᠪᠡᠷᠢ ᠪᠣᠯᠣᠨ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠤᠷᠰᠢᠯᠭ᠎ᠠ ᠶᠢ ᠰᠠᠶᠢᠲᠤᠷ | ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠠᠯᠤᠰ ᠭᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ | ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠡᠯ᠎ᠡ | ᠲᠥᠷᠥᠯ ᠤᠨ ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠪᠣᠳᠣᠯᠲᠠ ᠶᠢᠨ ᠬᠦᠴᠦᠨ᠂ | ᠨᠡᠭᠦᠷᠡᠰᠦᠨ ᠳᠠᠪᠬᠤᠷᠭ᠎ᠠ ᠶᠢᠨ ᠬᠡᠢ᠂ ᠰᠢᠨ᠎ᠡ ᠪᠣᠬᠢᠷᠳᠤᠯ ᠦᠭᠡᠢ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ᠂ ᠣᠶᠢᠷ᠎ᠠ ᠣᠭᠲᠠᠷᠭᠤᠢ ᠶᠢᠨ ᠠᠵᠤ ᠠᠬᠤᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠵᠧᠨᠧᠷᠢᠩ ᠤᠨ ᠲᠦᠷᠦᠯ ᠵᠦᠢᠯ ᠪᠣᠯᠣᠨ | ᠠᠷᠠᠳ ᠤᠨ ᠠᠮᠢᠳᠤᠷᠠᠯ ᠤᠨ ᠲᠦᠷᠦᠯ ᠵᠦᠢᠯ ᠢ ᠨᠠᠷᠢᠯᠢᠭ ᠣᠨᠣᠴᠠᠲᠠᠢ ᠲᠥᠯᠥᠪᠵᠢᠭᠦᠯᠵᠦ᠂ ︽ᠪᠤᠳᠤᠯ ᠲᠥᠰᠥᠭᠡᠯᠡᠯ︾ | ᠢᠶᠠᠨ ︽ᠪᠣᠳᠠᠲᠠᠢ ᠠᠷᠭ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠶᠡᠭᠡ ᠲᠠᠯ᠎ᠠ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠭᠠᠨ ᠵᠢᠯᠤᠭᠤᠳᠬᠤ ᠳᠤᠭᠤᠶᠢᠯᠠᠩ ᠤᠨ ᠮᠠᠨ ᠤ ᠣᠷᠣᠨ ᠳᠤ | ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ | ᠡᠭᠦᠷᠭᠡᠯᠡᠵᠦ᠂ ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠨᠠᠷᠢᠨ ᠬᠢᠨᠠᠮᠠᠭᠠᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠬᠦᠴᠦᠨ ᠢ ᠠᠰᠢᠭᠯᠠᠨ | ᠳᠤᠲᠠᠭᠤᠳᠠᠯ ᠢᠶᠠᠨ ᠴᠢᠨᠠᠭᠰᠢᠳᠠ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠢᠲᠤᠭᠠᠨ ᠢᠷ ᠢ | ᠳᠣᠲᠣᠭᠰᠢ ᠬᠠᠨᠳᠤᠭᠤᠯᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠴᠢᠩᠭ᠎ᠠ ᠪᠣᠳᠠᠲᠠᠢ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ | ᠢᠳᠡᠵᠦ ᠤᠤᠭᠤᠭᠰᠠᠨ ᠠᠰᠠᠭᠤᠳᠠᠯ ᠢᠶᠠᠷ ᠲᠣᠯᠢ ᠪᠤᠯᠭᠠᠵᠤ᠂ ᠰᠡᠷᠡᠮᠵᠢᠯᠡᠭᠦᠯᠭᠦ ᠬᠥᠮᠦᠵᠢᠯ ᠥᠷᠨᠢᠭᠦᠯᠵᠦ᠂ | ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ | ᠺᠠᠳ᠋ᠷ ᠪᠣᠯᠣᠨ ᠠᠯᠪᠠᠨ ᠲᠤᠰᠢᠶᠠᠯᠲᠠᠨ ᠴᠥᠮ ᠰᠡᠳᠬᠢᠯ ᠤᠨ ᠤᠭ ᠠᠴᠠ ᠪᠠᠨ ᠪᠢᠰᠢᠷᠡᠨ ᠵᠢᠷᠦᠬᠡᠰᠢᠶᠡᠵᠦ᠂ ᠭᠦᠭ | ᠬᠡᠮᠵᠢᠶ᠎ᠡ ᠲᠠᠢ ᠪᠠᠶᠢᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠯᠲᠠ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠢ ᠶᠢᠨ ᠡᠷᠭᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠳᠠᠭᠠᠰᠤ | ᠬᠠᠳᠠᠬᠤ ᠬᠠᠲᠠᠭᠤ ᠵᠣᠷᠢᠭ ᠪᠣᠯᠣᠨ ᠮᠣᠩᠭᠤᠯ ᠮᠣᠷᠢᠨ ᠤ ᠵᠣᠷᠢᠭ ᠰᠠᠨᠠᠭᠠᠨ ᠤ ᠡᠷᠴᠢ ᠵᠣᠷᠢᠭ ᠢᠶᠠᠷ ᠳᠡᠭᠡᠷ᠎ᠡ ᠬᠠᠭᠠᠰ | ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ | ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠴᠠᠭ ᠢᠮᠠᠭᠲᠠ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠷᠬᠠᠭ ᠭᠡᠮ ᠦᠯᠡᠳᠡᠭᠡᠬᠦ ᠦᠭᠡᠢ ᠣᠪᠣᠷ ᠢᠶᠠᠷ ᠡᠷᠲᠡᠬᠡᠨ | ᠴᠡᠭᠴᠡᠯᠡᠨ ᠰᠠᠶᠢᠵᠢᠷᠠᠭᠤᠯᠵᠤ᠂ ᠲᠦᠷᠭᠡᠨ ᠴᠡᠭᠴᠡᠯᠡᠨ ᠵᠠᠰᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ | ᠮᠦᠷᠳᠡᠨ ᠠᠩᠬᠠᠷᠴᠤ ᠭᠦᠢᠴᠡᠳᠬᠡᠯᠭᠡᠬᠦ ᠮᠥᠷᠲᠡᠭᠡᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠪᠦᠭᠦ | ᠣᠷᠣᠨ ᠢᠶᠠᠷ ᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠠᠰᠠ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠦᠨᠳᠦᠰᠦ ᠠᠴᠠ ᠨᠢ ᠵᠠᠰᠠᠬᠤ ᠠᠷᠭ᠎ᠠ | ᠪᠣᠳᠣᠯᠭ᠎ᠠ ᠶᠢ ᠰᠤᠳᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠲᠣᠭᠲᠠᠭᠠᠯ ᠠᠴᠠ | ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠬᠦᠴᠦᠲᠡᠢ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠲᠠᠰᠤ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠪᠠᠭᠠᠰᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠤᠰᠤᠨ ᠠᠰᠢᠭᠯᠠᠯᠲᠠ᠂ ᠰᠣᠶᠣᠯ | ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠰᠣᠨᠣᠰᠴᠤ᠂ | ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ︽ᠲᠣᠰᠬᠤᠨ ᠤ | ᠡᠵᠡᠷᠬᠡᠭᠴᠢ︾᠂ ︽ᠬᠠᠶᠢᠷ ᠴᠢᠯᠠᠭᠤ ᠶᠢᠨ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ | ᠠᠵᠢᠯᠯᠠᠭ᠎ᠠ ᠳᠤ ᠡᠷᠲᠡ ᠠᠴᠠ ᠴᠣᠬᠢᠯᠲᠠ ᠥᠭᠴᠦ ᠪᠠᠭ᠎ᠠ ᠪᠠᠶᠢᠭ᠎ᠠ ᠦᠶ᠎ᠡ ᠳᠤᠨᠢ ᠴᠣᠬᠢᠯᠲᠠ ᠥᠭᠬᠦ ᠭᠡᠷᠡᠭᠲᠡᠶ︔ ᠠᠵᠤ | ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠭᠤᠣᠯᠳᠠᠯᠭ᠎ᠠ ᠨᠢ ᠵᠢᠷᠤᠮᠵᠢᠭᠤᠯᠬᠤ ᠳᠤ ᠪᠤᠶ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠣᠷᠢᠭᠤᠳᠠ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠠᠰᠢᠭ ᠬᠥᠭᠡᠭᠡᠴᠡᠯᠳᠦᠬᠦ ᠴᠢᠨᠠᠷᠲᠠᠢ ᠬᠠᠤᠯᠢ ᠬᠡᠷᠡᠭᠵᠢᠭᠦᠯᠬᠦ ᠵᠡᠷᠭᠡ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠭᠡᠷᠡᠭᠲᠡᠶ︔ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠳᠤ ᠪᠠᠷᠢᠯᠭ᠎ᠠ ᠡᠬᠢᠯᠡᠭᠦᠯᠬᠦ ᠶᠢ ᠠᠳᠬᠤᠬᠤ ᠮᠥᠷᠲᠡᠭᠡᠨ ᠪᠠᠰᠠ ᠬᠠᠮᠢᠶᠠᠷᠴᠤ ᠬᠠᠮᠠᠭᠠᠯᠠᠬᠤ ᠶᠢ ᠠᠳᠬᠤᠵᠤ | ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠭᠡᠷᠡᠭᠲᠡᠶ︔ ᠵᠢᠭᠤᠯᠴᠢᠯᠠᠯ ᠤᠨ ᠦᠢᠯᠡᠰ ᠤᠨ | ᠬᠦᠷᠢᠶᠡᠨ ᠳᠠᠬᠢ ᠭᠤᠮᠣᠳᠠᠯ ᠲᠣᠭᠠᠴᠢᠯᠲᠠ ᠶᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠷᠭ᠎ᠠ ᠵᠠᠮ ᠢ | ᠰᠢᠯᠤᠭᠤᠳᠬᠠᠵᠤ᠂ ᠲᠦᠷᠭᠡᠨ ᠴᠤᠤᠷᠢᠶᠠᠲᠤᠨ ᠲᠤᠰᠬᠠᠯ ᠭᠠᠷᠭᠠᠬᠤ ᠲᠣᠭᠲᠠᠴᠠ ᠶᠢ ᠪᠠᠶᠢᠭᠤᠯᠤᠨ᠂ ︽ᠦᠨᠡᠮᠯᠡᠯ | ᠦᠭᠡᠢ ᠵᠢᠭᠤᠯᠴᠢᠯᠠᠯ ᠤᠨ ᠵᠠᠮᠴᠢᠯᠠᠭᠴᠢ︾ ᠪᠠ ︽ᠦᠨᠡᠮᠯᠡᠯ ᠦᠭᠡᠢ ᠵᠢᠭᠤᠯᠴᠢᠯᠠᠯ ᠤᠨ ᠭᠠᠵᠠᠷ︾ ᠲᠤ ᠬᠠᠮᠲᠤᠷᠠᠨ | ᠴᠣᠬᠢᠯᠲᠠ ᠥᠭᠴᠦ᠂ ᠵᠢᠭᠤᠯᠴᠢᠯᠠᠬᠰᠠᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠪᠠᠰᠠ ᠭᠠᠷᠮᠠᠭᠠᠢ ᠴᠢᠳᠠᠪᠤᠷᠢᠲᠠᠨ ᠤ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠵᠦᠢᠯ ᠢ | ᠰᠤᠳᠤᠯᠵᠠᠢ᠃ | |