ᠴᠦᠯᠡᠷᠬᠡᠭᠵᠢᠯ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠲᠡ ᠶᠢ ᠨᠥᠯᠥᠭᠡᠯᠡᠬᠦ ᠪᠦᠬᠦ | ᠪᠥᠮᠪᠥᠷᠴᠡᠭ ᠤᠨ ᠴᠢᠨᠠᠷᠲᠠᠢ ᠠᠮᠢ ᠠᠬᠤᠢ ᠶᠢᠨ ᠴᠢᠬᠤᠯᠠ ᠶᠡᠭᠡ ᠠᠰᠠᠭᠤᠳᠠᠯ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠣᠯ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠶᠢᠨ ᠭᠤᠣᠯ ᠡᠭᠦᠷᠭᠡ ᠮᠥᠷᠲᠡᠭᠡᠨ ᠶᠡᠷᠦᠩᠬᠡᠢ ᠱᠦᠵᠢ | ᠰᠢ ᠶᠢᠨ ᠫᠢᠩ ᠤᠨ ᠭᠦᠨ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯᠣᠨ᠎ᠠ᠃ ᠲᠡᠷᠡ ᠥᠪᠥᠷ ᠮᠣᠩᠭᠤᠯ᠂ ᠭᠠᠨᠰᠤ᠂ ᠾᠧᠪᠧᠢ | ᠵᠡᠷᠭᠡ ᠭᠠᠵᠠᠷ ᠲᠤ ᠣᠯᠠᠨᠲᠠ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠰᠢᠨᠵᠢᠯᠡᠨ | ᠪᠠᠶᠢᠴᠠᠭᠠᠯᠲᠠ ᠬᠢᠭᠰᠡᠨ ᠪᠥᠭᠡᠳ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠳᠤ ᠲᠦᠷᠦᠭᠦᠯᠡᠨ | ᠣᠷᠣᠯᠴᠠᠬᠤ ᠶᠢ ᠪᠠᠷᠢᠮᠲᠠᠯᠠᠪᠠ᠃ | ᠣᠯᠠᠨ ᠢᠶᠠᠷ ᠢᠶᠠᠨ ᠮᠣᠳᠣ ᠲᠠᠷᠢᠪᠠᠰᠤ ᠣᠢ ᠪᠣᠯᠣᠮᠤᠢ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠮᠠᠨ ᠤ | ᠤᠯᠤᠰ ᠤᠨ ᠴᠥᠯᠡᠷᠬᠡᠭᠵᠢᠯ ᠪᠠ ᠭᠠᠵᠠᠷ ᠰᠢᠷᠣᠢ ᠶᠢᠨ ᠡᠯᠡᠰᠦᠵᠢᠯ ︽ᠬᠤᠣᠰ ᠪᠠᠭᠠᠰᠤᠯᠲᠠ︾ ᠶᠢ ᠪᠡᠶᠡᠯᠡᠭᠦᠯᠵᠦ᠂ ᠰᠠᠯᠬᠢ | ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠷ ᠬᠤᠷᠢᠭᠯᠠᠪᠠ᠃ ᠡᠬᠡ ᠭᠠᠵᠠᠷ | ᠨᠣᠭᠤᠭᠠᠷᠠᠵᠤ᠂ ᠬᠦᠰᠡᠯ ᠡᠷᠡᠮᠡᠯᠵᠡᠯ ᠢᠶᠠᠷ ᠪᠢᠯᠬᠠᠵᠤ᠂ ᠬᠥᠮᠥᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢᠨ ᠠᠯᠬᠤᠭ᠎ᠠ ᠢᠳᠡᠷᠡᠭᠦᠨ ᠪᠠᠶᠢᠨ᠎ᠠ᠃ |