ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ | ᠣᠷᠣᠨ ᠢ ᠪᠠᠶᠢᠭᠤᠯᠬᠤ ᠶᠢᠨ ᠲᠥᠯᠥᠭᠡ᠂ 5 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤᠨ ᠤ ᠪᠠᠶᠠᠨᠤᠪᠤᠭ᠎ᠠ ᠭᠠᠴᠠᠭ᠎ᠠ ᠳᠤ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠷᠬᠢᠯᠡᠪᠡ᠃ | ᠪᠠᠶᠠᠨᠤᠪᠤᠭ᠎ᠠ ᠭᠠᠴᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠦᠢᠯᠡᠳᠦᠯᠭᠡ ᠶᠢᠨ ᠠᠶᠢᠯ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠤᠯᠭ᠎ᠠ ᠵᠢᠴᠢ ᠠᠵᠢᠯᠲᠠᠳ ᠶᠠᠭ ︽ᠳᠤᠮᠳᠠᠳᠤ ᠶᠢᠨ ᠶᠣᠰᠣ︾ | ᠶᠢᠨ ᠰᠣᠳᠣᠨ ᠨᠣᠮ ᠤᠩᠰᠢᠵᠤ ᠬᠤᠪᠢᠶᠠᠯᠴᠠᠬᠤ ᠬᠤᠷᠠᠯ ᠬᠢᠵᠦ ᠪᠠᠶᠢᠨ᠎ᠠ᠂ ᠲᠤᠬᠠᠢ ᠶᠢᠨ ᠲᠠᠯᠠᠪᠠᠢ ᠳᠤ ᠸᠢᠳᠢᠣ᠋ ᠪᠠᠷ | ᠤᠬᠠᠭᠤᠯᠤᠨ ᠲᠠᠨᠢᠯᠴᠠᠭᠤᠯᠬᠤ᠂ ᠨᠣᠮ ᠪᠢᠴᠢᠭ ᠲᠠᠷᠬᠠᠭᠠᠬᠤ᠂ ᠬᠤᠪᠢᠶᠠᠯᠴᠠᠨ ᠡᠳ᠋ᠯᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ︽ᠳᠤᠮᠳᠠᠳᠤ ᠶᠢᠨ ᠸᠧᠨ ᠬᠤᠢ ᠶᠢ ᠴᠣᠬᠤᠵᠤᠤᠯᠠ︾᠂ ︽ | ᠳᠤᠮᠳᠠᠳᠤ ᠶᠢᠨ ᠰᠤᠷᠪᠤᠯᠵᠢᠯᠠᠭ᠎ᠠ ᠶᠢ ᠶᠠᠷᠢᠭᠰᠠᠨ ᠨᠢ︾᠂ ︽ᠵᠥᠪ ᠦᠨᠳᠦᠰᠦᠲᠡᠨ ᠤ ᠦᠵᠡᠯᠲᠡ ᠶᠢᠨ | ᠦᠢᠯᠡᠳᠦᠯᠭᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠮᠬᠢᠳᠬᠡᠯ︾ ᠵᠡᠷᠭᠡ ᠨᠣᠮ ᠪᠢᠴᠢᠭ ᠢ ᠤᠬᠠᠭᠤᠯᠤᠨ | ᠲᠠᠨᠢᠯᠴᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠤᠩᠰᠢᠯᠭ᠎ᠠ ᠶᠢᠨ ᠳᠤᠮᠳᠠ ᠰᠣᠶᠣᠯ ᠤᠨ | ᠢᠲᠡᠭᠡᠯ ᠢᠶᠠᠨ ᠪᠠᠲᠤᠳᠬᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠤᠨ ᠬᠠᠤᠯᠢᠵᠢᠯ ᠤᠨ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ | ︽ᠳᠣᠬᠢᠭᠤᠷ ᠳᠣᠯᠣᠭᠠᠨ ᠣᠳᠣ ᠭᠤᠣᠯ ᠰᠡᠳᠦᠪᠲᠦ ᠪᠠᠲᠤ ᠪᠠᠬᠢ ᠳᠡᠯᠭᠡᠨ ᠦᠵᠡᠭᠦᠯᠬᠦ ᠣᠷᠳᠣᠨ︾ ᠢ | ᠲᠣᠭᠤᠷᠢᠨ ᠦᠵᠡᠵᠦ᠂ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠲᠠᠶᠢᠯᠪᠤᠷᠢᠯᠠᠭᠴᠢ ᠶᠢᠨ ᠲᠠᠶᠢᠯᠤᠮᠵᠢ | ᠳᠣᠣᠷ᠎ᠠ᠂ ᠨᠢᠭᠡ ᠬᠡᠰᠡᠭ ᠭᠡᠷᠡᠯ ᠵᠢᠷᠤᠭ᠂ ᠨᠢᠭᠡ ᠬᠡᠰᠡᠭ ᠦᠰᠦᠭ ᠪᠢᠴᠢᠭ᠂ ᠨᠢᠭᠡ ᠨᠢᠭᠡ ᠦᠯᠢᠭᠡᠷ ᠠᠴᠠ | ᠪᠠᠶᠠᠨᠤᠪᠤᠭ᠎ᠠ ᠭᠠᠴᠠᠭ᠎ᠠ ᠨᠢ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ | ︾ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠨᠠᠮ ᠢᠶᠠᠨ ᠳᠠᠭᠠᠵᠤ ᠡᠷᠡᠯᠬᠡᠭᠯᠡᠨ ᠤᠷᠤᠭᠰᠢᠯᠠᠭᠰᠠᠨ ᠪᠦᠯᠬᠦᠮᠳᠡᠯ ᠤᠨ ᠢᠮ ᠲᠠᠮᠠᠭ᠎ᠠ ᠪᠣᠯᠤᠨ ᠰᠠᠶᠢᠨ ᠰᠠᠶᠢᠬᠠᠨ ᠵᠢᠷᠤᠭ | ᠪᠣᠯᠤᠭᠰᠠᠨ ᠢ ᠭᠦᠨᠵᠡᠭᠡᠢ ᠣᠶᠢᠯᠠᠭᠠᠪᠠ᠃ ᠤᠬᠠᠭᠤᠯᠭ᠎ᠠ ᠶᠢᠨ ᠭᠠᠷ ᠳᠡᠪᠲᠡᠷ ᠢ ᠲᠠᠶᠢᠯᠪᠤᠷᠢᠯᠠᠨ᠎ᠠ᠃ ᠪᠠᠶᠠᠨ᠋ᠣ᠋ᠪᠤᠭ᠎ᠠ ᠶᠢᠨ | ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠲᠣᠰᠬᠤᠨ ᠤ ᠴᠡᠴᠡᠷᠯᠢᠭ ᠨᠡᠭᠡᠭᠡᠬᠦ ᠶᠣᠰᠣᠯᠠᠯ ᠢᠶᠠᠷ ᠠᠵᠠ ᠲᠣᠬᠢᠶᠠᠯ | ᠪᠣᠯᠭᠠᠵᠤ᠂ ᠦᠵᠡᠮᠵᠢ ᠶᠢᠨ ᠣᠷᠣᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠦᠭᠡᠮᠡᠯᠵᠢᠭᠦᠯᠬᠦ ᠶᠢᠨ ᠬᠠᠮᠲᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠮᠡᠳᠡᠯᠭᠡ ᠶᠢ ᠱᠠᠩᠨᠠᠯ ᠲᠠᠢ ᠠᠰᠠᠭᠤᠯᠲᠠ | ᠬᠠᠷᠢᠭᠤᠯᠲᠠ᠂ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠶᠢᠨ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ | ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠵᠤ᠂ ᠵᠢᠭᠤᠯᠴᠢᠯᠠᠭᠴᠢᠳ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠲᠠᠨᠢᠯᠲᠠ ᠶᠢ | ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠰᠣᠯᠢᠯᠴᠠᠭ᠎ᠠ ᠶᠢ ᠨᠠᠩ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠪᠡ᠃ | ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠵᠤᠭᠠᠴᠠᠭᠰᠠᠳ ᠸᠠᠩ ᠸᠧᠨ ᠴᠤᠤ᠄ ︽ᠥᠨᠥᠳᠦᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠱᠠᠩᠨᠠᠯ ᠲᠠᠢ | ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠪᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠮᠠᠰᠢ | ᠣᠯᠠᠨ ᠮᠡᠳᠡᠯᠭᠡ ᠶᠢ ᠰᠤᠷᠴᠤ᠂ ᠪᠠᠰᠠ ᠰᠣᠨᠢᠷᠬᠠᠯᠲᠤ ᠲᠠᠮᠢᠷ ᠤᠨ ᠴᠤᠭᠯᠠᠭᠠᠨ ᠳᠤ ᠣᠷᠣᠯᠴᠠᠵᠤ᠂ ᠨᠠᠳᠠ ᠳᠤ ᠮᠠᠰᠢ | ᠣᠯᠠᠨ ᠠᠰᠢᠭ ᠬᠦᠷᠲᠡᠭᠡᠵᠦ ᠪᠠᠶᠢᠨ᠎ᠠ᠃ ᠡᠨᠡ ᠤᠳᠠᠭ᠎ᠠ ᠶᠢᠨ ᠵᠤᠭᠠᠴᠠᠨ ᠨᠠᠭᠠᠳᠴᠤ ᠭᠡᠷ ᠲᠡᠭᠡᠨ ᠬᠠᠷᠢᠭᠰᠠᠨ ᠤ | ᠳᠠᠷᠠᠭ᠎ᠠ᠂ ᠪᠢ ᠪᠠᠰᠠ ᠡᠨᠡ ᠤᠳᠠᠭᠠᠨ ᠤ ᠦᠵᠡᠵᠦ ᠰᠣᠨᠣᠰᠤᠭᠰᠠᠨ ᠵᠦᠢᠯ ᠢᠶᠠᠨ ᠬᠠᠵᠠᠭᠤ ᠳᠠᠬᠢ ᠨᠠᠶᠢᠵᠠ᠂ ᠭᠡᠷ ᠤᠨ | ᠬᠥᠮᠦᠰ᠂ ᠬᠠᠮᠲᠤ ᠰᠤᠷᠤᠭᠴᠢᠳ ᠢᠶᠠᠨ ᠬᠤᠪᠢᠶᠠᠯᠴᠠᠵᠤ᠂ ᠲᠡᠳᠡᠨ ᠢ ᠪᠠᠰᠠ ᠰᠤᠷᠤᠯᠴᠠᠨ ᠤᠬᠠᠭᠤᠯᠪᠠ︾ ᠬᠡᠵᠡᠢ᠃ | ᠣᠶᠢᠯᠠᠭᠠᠭᠰᠠᠨ ᠢᠶᠠᠷ᠂ ᠪᠠᠶᠠᠨᠣᠪᠣᠭ᠎ᠠ ᠭᠠᠴᠠᠭ᠎ᠠ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ | ᠮᠠᠨᠵᠤ ᠦᠨᠳᠦᠰᠦᠲᠡᠨ᠂ ᠣᠷᠣᠰ ᠦᠨᠳᠦᠰᠦᠲᠡᠨ᠂ ᠳ᠋ᠠᠢ ᠦᠨᠳᠦᠰᠦᠲᠡᠨ ᠵᠡᠷᠭᠡ 5 ᠦᠨᠳᠦᠰᠦᠲᠡᠨ ᠰᠠᠭᠤᠷᠢᠰᠢᠵᠤ᠂ | ᠬᠤᠯᠠ ᠣᠶᠢᠷ᠎ᠠ ᠳᠤ ᠠᠯᠳᠠᠷᠰᠢᠭᠰᠠᠨ ︽ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ | ᠲᠣᠰᠬᠤᠨ︾ ᠪᠣᠯᠬᠤ ᠪᠠᠷ ᠪᠠᠷᠠᠬᠤ ᠦᠭᠡᠢ᠂ ᠪᠠᠰᠠ ︽ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾᠂ ︽ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠪᠣᠯᠤᠨ᠎ᠠ᠃ | ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠪᠠᠶᠠᠨᠤᠪᠤᠭ᠎ᠠ ᠭᠠᠴᠠᠭ᠎ᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ︽ᠵᠤᠭᠠᠴᠠᠯ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ︾ ᠶᠢᠨ ᠠᠮᠢ ᠠᠬᠤᠢ ᠶᠢᠨ ᠠᠮᠠᠷᠠᠯᠲᠠ ᠶᠢᠨ ᠲᠣᠰᠬᠤᠨ ᠢ | ᠭᠤᠣᠯᠳᠠᠯᠭ᠎ᠠ ᠲᠠᠢ ᠪᠠᠶᠢᠭᠤᠯᠵᠤ᠂ ᠪᠠᠶᠠᠨᠣᠪᠣᠭ᠎ᠠ ᠶᠢᠨ ᠰᠣᠶᠣᠯ ᠪᠠ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠥᠨᠥᠳᠦᠷ ᠤᠨ ᠪᠠᠶᠠᠨᠤᠪᠤᠭ᠎ᠠ ᠭᠠᠴᠠᠭᠠᠨ ᠤ ᠠᠵᠤ ᠦᠢᠯᠡᠰ | ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢᠳᠤᠷᠠᠯ ᠬᠥᠷ ᠬᠥᠭᠵᠢᠶᠡᠨ ᠲᠠᠢ ᠪᠠᠶᠢᠭ᠎ᠠ | ᠡᠨᠡᠬᠦ ︽ᠥᠨᠢᠷ ᠪᠠᠶᠠᠯᠢᠭ ᠭᠠᠵᠠᠷ ᠰᠢᠷᠣᠢ︾ ᠳᠡᠭᠡᠷ᠎ᠡ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠬᠠᠮᠲᠤ ᠪᠠᠷ ᠲᠡᠮᠡᠴᠡᠬᠦ ᠠᠯᠬᠤᠭ᠎ᠠ ᠮᠥᠨ ᠵᠣᠭᠰᠣᠩᠭᠢᠷᠠᠭᠠ ᠦᠭᠡᠢ ᠪᠠᠶᠢᠨ᠎ᠠ᠃ |