︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/6/3
   ᠰᠤᠷᠭᠠᠨ ᠬᠦᠮᠤᠵᠢᠯ ᠤᠨ ᠬᠦᠴᠤᠷᠭᠡᠭ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠭᠡᠷᠡᠭᠳᠠᠢ   6 ᠰᠠᠷ᠎ᠠ ᠶᠢᠨ 1 ᠤ ᠡᠳᠦᠷ ᠬᠡᠪᠯᠡᠭᠳᠡᠭᠰᠡᠨ 11 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠭᠡᠷᠡᠭᠳᠠᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃   ᠵᠣᠬᠢᠶᠠᠯ ᠳᠤ᠂ ᠰᠤᠷᠭᠠᠨ ᠬᠥᠮᠦᠵᠢᠯ ᠪᠣᠯ ᠬᠦᠴᠤᠷᠭᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠵᠤ᠂ 2035 ᠣᠨ ᠪᠣᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ ᠪᠠᠶᠢᠨ᠎ᠠ ᠭᠡᠵᠤ ᠴᠢᠬᠤᠯᠠᠴᠢᠯᠠᠪᠠ᠃   ᠵᠣᠬᠢᠶᠠᠯ ᠳᠤ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠦᠲᠦᠯᠦᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠦᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠪᠡᠯ ᠵᠤᠬᠢᠨ᠎ᠠ᠃ ᠡᠶᠢᠮᠦᠷᠬᠦᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ᠂ ᠡᠷᠬᠡᠪᠰᠢ ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ ᠣᠯᠤᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠠᠷᠠᠭᠠᠯᠵᠠᠯᠲᠤ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠴᠦ ᠬᠦᠳᠦᠯᠥᠨ ᠳᠠᠭᠠᠭᠤᠯᠬᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ᠂ ᠬᠡᠪ ᠪᠣᠯᠪᠠᠰᠤᠷᠠᠯ ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠤᠯᠢ ᠪᠣᠯᠭᠠᠬᠤ ᠤᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃   ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠢᠨᠵᠢ ᠴᠢᠨᠠᠷ ᠢ ᠪᠦᠬᠦ ᠲᠠᠯ᠎ᠠ ᠪᠠᠷ ᠡᠵᠡᠮᠳᠡᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠮᠡᠳᠡᠯᠭᠡ ᠶᠢᠨ ᠰᠤᠷᠤᠯᠴᠠᠯᠭ᠎ᠠ ᠪᠠ ᠪᠦᠬᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ᠂ ᠴᠢᠳᠠᠪᠤᠷᠢᠲᠠᠨ ᠢ ᠬᠥᠮᠦᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠡᠮᠬᠢ ᠵᠢᠷᠤᠮ ᠲᠠᠢ ᠪᠠᠶᠢᠯᠭᠠᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠷᠢᠴᠠᠭ᠎ᠠ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠤᠯᠢ ᠪᠣᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ᠂ ᠴᠠᠭ ᠪᠢᠳᠡᠨ ᠢ ᠬᠦᠯᠢᠶᠡᠬᠦ ᠦᠭᠡᠢ᠃ ᠨᠢᠭᠡᠳᠦᠭᠡᠷ ᠲᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲᠤᠮᠵᠢᠭ᠍ᠰᠡᠨ ᠤᠨᠤᠯᠵᠢᠨ ᠶᠤᠰᠤᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠳᠠᠢ᠃ ᠦᠢᠯᠡᠳᠦᠯᠭᠡ ᠪᠠᠷ ᠬᠥᠮᠦᠨ ᠢ ᠬᠥᠮᠦᠵᠢᠭᠦᠯᠬᠦ ᠪᠠ ᠰᠦᠯᠵᠢᠶ᠎ᠡ ᠪᠠᠷ ᠬᠥᠮᠦᠨ ᠢ ᠬᠥᠮᠦᠵᠢᠭᠦᠯᠬᠦ ᠣᠷᠣᠨ ᠵᠠᠶ ᠪᠠ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠭᠡᠬᠦ ᠬᠡᠷᠡᠭᠲᠡᠶ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠬᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠦᠮᠵᠢ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠬᠡᠷᠡᠭᠳᠠᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠳᠠᠪᠤᠷᠢᠲᠠᠨ ᠤ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠳᠠᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠳᠤ ᠴᠢᠨᠠᠷ᠂ ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠳᠠᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠬᠤᠶᠠᠷ ᠢ ᠬᠦᠡᠭᠭᠡᠷᠡᠭᠦᠯᠦᠭᠰᠡᠨ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠠᠢ᠃ ᠳᠥᠷᠪᠡᠳᠦᠭᠡᠷ ᠲᠤ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠰᠤᠷᠭᠠᠨ ᠬᠦᠮᠦᠵᠢᠯᠳᠡᠨ ᠤ ᠵᠤᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠬᠥᠮᠦᠵᠢᠭᠦᠯᠵᠦ ᠪᠣᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠣᠯᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠬᠡᠷᠡᠭᠳᠠᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠭᠡᠭᠳᠡᠬᠦ ᠠᠵᠢᠯ ᠮᠡᠷᠭᠡᠵᠢᠯ ᠤᠨ ᠨᠢᠭᠡ ᠪᠣᠯᠭᠠᠬᠤ ᠬᠡᠷᠡᠭᠳᠠᠢ᠃ ᠲᠠᠪᠤᠳᠤᠭᠠᠷ ᠲᠤ᠂ ᠪᠦᠬᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠡᠷᠡᠭᠳᠠᠢ᠃ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠭᠠᠳᠠᠭᠠᠳᠤ ᠠᠴᠠ ᠤᠷᠤᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠢᠢ ᠨᠢᠭᠡᠳᠦᠯᠲᠡᠢ ᠲᠥᠯᠥᠪᠵᠢᠭᠦᠯᠦᠨ᠂ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠦᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠠᠢ᠃ ᠪᠦᠬᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠳᠠᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠤᠢᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠮᠥᠨ᠃ ᠢᠲᠡᠭᠡᠯ ᠵᠣᠷᠢᠭ ᠢᠶᠠᠨ ᠪᠠᠲᠤᠳᠬᠠᠵᠤ᠂ ᠵᠤᠷᠢᠭᠳᠠᠢ ᠤᠷᠤᠭᠰᠢᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号