ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠷᠠᠨᠢᠭᠤᠷ ᠰᠤᠮᠤ | ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠰᠠᠭᠤᠷᠢᠯᠠᠨ᠂ ᠦᠬᠡᠷ ᠤᠨ ᠠᠵᠤ ᠦᠢᠯᠡᠰ ᠢ ᠠᠷᠠᠳ ᠢ ᠪᠠᠶᠠᠵᠢᠭᠤᠯᠤᠨ | ᠲᠣᠰᠬᠤᠨ ᠢ ᠬᠦᠴᠦᠷᠬᠡᠭᠵᠢᠭᠦᠯᠬᠦ ᠴᠢᠬᠤᠯᠠ ᠠᠷᠭ᠎ᠠ ᠵᠠᠮ ᠪᠣᠯᠭᠠᠪᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠨᠠᠶᠢᠳᠠᠪᠤᠷᠢᠵᠢᠭᠤᠯᠬᠤ᠂ ᠠᠵᠤ ᠦᠢᠯᠡᠰ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠦᠬᠡᠷ ᠤᠨ ᠠᠵᠤ ᠦᠢᠯᠡᠰ ᠢ ᠬᠥᠭᠵᠢᠭᠦᠯᠬᠦ ᠶᠢ ᠢᠳᠡᠪᠬᠢᠲᠡᠢ | ᠵᠣᠷᠢᠭᠵᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠨ᠎ᠡ᠃ | ᠬᠠᠷᠠᠨᠢᠭᠤᠷ ᠰᠤᠮᠤᠨ ᠤ ᠬᠥᠬᠡ ᠴᠢᠯᠠᠭᠤ ᠭᠠᠴᠠᠭᠠᠨ ᠳᠤ ᠬᠦᠷᠬᠦ ᠳᠤ᠂ ᠮᠥᠭᠡᠷᠯᠡᠨ ᠬᠠᠰᠬᠢᠷᠬᠤ ᠳᠠᠭᠤᠨ | ᠲᠣᠰᠬᠤᠨ ᠤ ᠠᠷᠠᠳ ᠬᠠᠷᠪᠠᠯᠪᠠᠯ ᠤᠨ ᠬᠢᠨ ᠰᠣᠨᠣᠰᠳᠠᠪᠠ᠃ ᠡᠭᠦᠳᠡ ᠶᠢ ᠨᠢ ᠲᠦᠯᠬᠢᠵᠦ ᠣᠷᠣᠭᠤᠯᠤᠭᠠᠳ ᠴᠡᠪᠡᠷ | ᠴᠡᠮᠴᠡᠭᠡᠷ ᠲᠠᠢ ᠦᠬᠡᠷ ᠤᠨ ᠰᠠᠷᠠᠪᠴᠢᠨ ᠳᠤ ᠨᠢᠭᠡ ᠲᠣᠯᠣᠭᠠᠢ ᠨᠢ ᠦᠰᠦ ᠨᠢ ᠭᠢᠯᠠᠭᠠᠷ᠂ ᠲᠠᠷᠭᠤ ᠬᠦᠴᠦ ᠰᠠᠶᠢᠲᠠᠢ | ᠦᠬᠡᠷ ᠶᠠᠭ ᠲᠣᠯᠣᠭᠠᠢ ᠪᠥᠬᠦ᠋ᠢᠨ ᠡᠪᠡᠰᠦ ᠢᠳᠡᠵᠦ ᠪᠠᠶᠢᠪᠠ᠃ ᠬᠠᠷᠪᠠᠯ ᠶᠠᠭ ᠪᠠᠭ᠎ᠠ ᠬᠡᠯᠪᠡᠷᠢ ᠶᠢᠨ ᠬᠤᠰᠤᠭᠤᠷ | ᠲᠡᠷᠭᠡ ᠬᠡᠷᠡᠭᠯᠡᠵᠦ᠂ ᠦᠬᠡᠷ ᠤᠨ ᠰᠠᠷᠠᠪᠴᠢ ᠶᠢ ᠪᠣᠯᠪᠠᠰᠤᠷᠠᠩᠭᠤᠢ ᠴᠡᠪᠡᠷᠯᠡᠵᠦ᠂ ᠦᠬᠡᠷ ᠤᠨ ᠠᠷᠭᠠᠯ ᠢ ᠴᠡᠪᠡᠷᠯᠡᠨ᠂ | ᠦᠬᠡᠷ ᠤᠨ ᠬᠤᠩᠭᠢᠯ ᠳᠤ ᠬᠤᠯᠢᠮᠠᠭ ᠡᠪᠡᠰᠦ ᠨᠡᠮᠡᠵᠦ ᠥᠭᠴᠡᠢ᠃ ︽ᠮᠠᠨ ᠤ ᠦᠬᠡᠷ ᠪᠣᠯ 2011 ᠣᠨ ᠠᠴᠠ | ᠡᠬᠢᠯᠡᠨ ᠲᠡᠵᠢᠭᠡᠵᠦ᠂ ᠡᠬᠢᠨ ᠳᠡᠭᠡᠨ ᠬᠡᠳᠦᠨ ᠦᠬᠡᠷ ᠲᠡᠵᠢᠭᠡᠵᠦ᠂ ᠲᠡᠵᠢᠭᠡᠨ ᠦᠷᠡᠵᠢᠭᠦᠯᠬᠦ ᠶᠠᠪᠤᠴᠠ ᠳᠤ ᠭᠠᠴᠠᠭ᠎ᠠ | ᠨᠠᠮᠠᠶᠢ ᠬᠠᠪᠰᠤᠷᠤᠨ᠎ᠠ᠂ ᠣᠳᠣ ᠮᠠᠨ ᠤ ᠭᠡᠷ ᠤᠨ ᠦᠬᠡᠷ 100 ᠭᠠᠷᠤᠢ ᠶᠢ ᠳᠠᠪᠠᠪᠠ᠂ ᠪᠢ ᠡᠳᠡᠭᠡᠷ ᠲᠤᠷᠰᠢᠯᠭ᠎ᠠ ᠪᠠᠨ | ᠮᠠᠨ ᠤ ᠬᠥᠷᠰᠢ ᠵᠡᠷᠭᠡᠯᠡᠳᠡᠭᠡ᠂ ᠲᠡᠵᠢᠭᠡᠨ ᠦᠷᠡᠵᠢᠭᠦᠯᠬᠦ ᠡᠷᠦᠬᠡ ᠲᠠᠢ ᠬᠤᠪᠢᠶᠠᠯᠴᠠᠵᠤ᠂ ᠣᠯᠠᠨ ᠢᠶᠠᠷ ᠢᠶᠠᠨ | ᠬᠠᠷᠢᠯᠴᠠᠨ ᠬᠠᠪᠰᠤᠷᠤᠯᠴᠠᠵᠤ᠂ ᠪᠢᠳᠡᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠵᠤ ᠪᠠᠶᠢᠨ᠎ᠠ︾ | ᠭᠡᠵᠦ ᠬᠠᠷᠠᠨᠢᠭᠤᠷ ᠰᠤᠮᠤᠨ ᠤ ᠬᠥᠬᠡ ᠴᠢᠯᠠᠭᠤ ᠭᠠᠴᠠᠭᠠᠨ ᠤ ᠠᠷᠠᠳ ᠬᠠᠷ᠎ᠠ ᠪᠠᠷᠰ ᠪᠠᠶᠠᠷᠲᠠᠢ ᠪᠠᠷ ᠬᠡᠯᠡᠨ᠎ᠡ᠃ | ᠬᠠᠶᠢᠯᠠᠰᠤᠨ ᠭᠠᠴᠠᠭᠠᠨ ᠳᠤ᠂ ᠵᠤᠤ ᠴᠠᠭᠠᠨ ᠪᠠᠯᠵᠢᠷ ᠤᠨ ᠴᠣ᠋ ᠰᠢᠨ᠎ᠡ ᠦᠬᠡᠷ ᠤᠨ ᠫᠧᠩ ᠣᠨᠴᠠᠭᠠᠢ ᠢᠯᠡ | ᠲᠣᠳᠣ ᠬᠠᠷᠠᠭᠳᠠᠨ᠎ᠠ᠃ ᠰᠢᠨ᠎ᠡ ᠪᠠᠷ ᠪᠠᠶᠢᠭᠤᠯᠤᠭᠰᠠᠨ ᠦᠬᠡᠷ ᠤᠨ ᠣᠩᠭᠤᠴᠠ ᠲᠡᠷᠢ ᠲᠡᠭᠰᠢ ᠵᠢᠭᠰᠠᠵᠤ᠂ ᠡᠪᠡᠰᠦ | ᠪᠣᠷᠳᠤᠭ᠎ᠠ ᠶᠢᠨ ᠰᠢᠨ᠎ᠡ ᠰᠣᠷᠭᠤᠭ ᠠᠭᠤᠷ ᠠᠮᠢᠰᠬᠤᠯ ᠨᠢ ᠢᠯᠭᠠᠷᠠᠵᠤ ᠪᠠᠶᠢᠨ᠎ᠠ᠃ ᠦᠬᠡᠷ ᠤᠨ ᠰᠦᠷᠦᠭ ᠲᠤ ᠨᠡᠩ | ᠰᠠᠶᠢᠨ ᠲᠡᠵᠢᠭᠡᠨ ᠦᠷᠡᠵᠢᠭᠦᠯᠬᠦ ᠣᠷᠴᠢᠨ ᠨᠥᠬᠦᠴᠡᠯ ᠢ ᠪᠣᠢ ᠪᠣᠯᠭᠠᠬᠤ ᠶᠢᠨ ᠲᠥᠯᠥᠭᠡ᠂ ᠡᠨᠡ ᠵᠢᠯ ᠲᠡᠷᠡ | ᠥᠪᠡᠷ ᠤᠨ ᠪᠡᠶ᠎ᠡ ᠪᠠᠷ ᠢᠶᠠᠨ ᠦᠬᠡᠷ ᠤᠨ ᠰᠠᠷᠠᠪᠴᠢ ᠪᠠ ᠦᠬᠡᠷ ᠤᠨ ᠬᠤᠩᠭᠢᠯ ᠢ ᠰᠢᠨ᠎ᠡ ᠪᠠᠷ ᠪᠠᠶᠢᠭᠤᠯᠵᠤ᠂ ᠦᠬᠡᠷ | ᠲᠡᠵᠢᠭᠡᠬᠦ ᠶᠡᠭᠡ ᠪᠠᠭ᠎ᠠ ᠶᠠᠪᠤᠳᠠᠯ ᠢ ᠶᠠᠭᠠᠷᠠᠵᠤ ᠪᠠᠶᠢᠯ᠎ᠠ᠃ 2015 ᠣᠨ ᠳᠤ᠂ ᠵᠤᠤ ᠴᠠᠭᠠᠨᠪᠠᠷᠰ ᠲᠥᠷᠥ ᠶᠢᠨ | ᠪᠣᠳᠣᠯᠭ᠎ᠠ ᠶᠢᠨ ᠳᠡᠮᠵᠢᠯᠭᠡ ᠳᠣᠣᠷ᠎ᠠ ᠦᠬᠡᠷ ᠲᠡᠵᠢᠭᠡᠵᠦ ᠡᠬᠢᠯᠡᠪᠡ᠃ ᠬᠠᠮᠤᠭ ᠠᠩᠬᠠᠨ ᠤ 8 ᠳᠤᠯᠤᠭᠠᠢ ᠦᠬᠡᠷ ᠠᠴᠠ | ᠡᠬᠢᠯᠡᠨ᠂ ᠨᠠᠷᠢᠨ ᠨᠢᠮᠪᠠᠢ ᠠᠰᠠᠷᠠᠨ ᠬᠠᠷᠠᠭᠠᠯᠵᠠᠬᠤ ᠪᠠ ᠯᠠᠪᠳᠠᠭᠤᠨ ᠪᠠᠲᠤᠲᠠᠢ ᠠᠵᠢᠯᠯᠠᠬᠤ ᠳᠤ ᠲᠦᠰᠢᠭᠯᠡᠨ᠂ | ᠣᠳᠣᠬᠠᠨ ᠳᠤ ᠦᠬᠡᠷ ᠤᠨ ᠰᠦᠷᠦᠭ ᠤᠨ ᠬᠡᠪᠴᠢᠶ᠎ᠡ ᠨᠢᠭᠡᠨᠲᠡ 20 ᠭᠠᠷᠤᠢ ᠪᠣᠯᠵᠤ᠂ ᠠᠮᠢᠳᠤᠷᠠᠯ ᠶᠠᠪᠤᠬᠤ ᠲᠤᠲᠤᠮ | ᠰᠠᠶᠢᠵᠢᠷᠠᠪᠠ᠃ ᠣᠶᠢᠷ᠎ᠠ ᠶᠢᠨ ᠵᠢᠯ ᠳᠤ᠂ ᠬᠠᠷᠠᠨᠢᠭᠤᠷ ᠰᠤᠮᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠭᠠᠳᠠᠭᠰᠢ ᠭᠠᠷᠴᠤ | ᠲᠡᠷᠢᠭᠦᠨ ᠤ ᠲᠡᠵᠢᠭᠡᠨ ᠦᠷᠡᠵᠢᠭᠦᠯᠬᠦ ᠲᠤᠷᠰᠢᠯᠭ᠎ᠠ ᠶᠢ ᠰᠤᠷᠤᠯᠴᠠᠬᠤ᠂ ᠡᠭᠦᠯᠳᠡᠷ ᠰᠠᠶᠢᠵᠢᠷᠠᠭᠤᠯᠤᠭᠴᠢ ᠶᠢ | ᠬᠥᠮᠦᠵᠢᠭᠦᠯᠬᠦ᠂ ᠬᠢᠵᠢᠭ ᠢ ᠰᠡᠷᠭᠡᠶᠢᠯᠡᠨ ᠡᠵᠡᠮᠳᠡᠬᠦ ᠬᠥᠮᠦᠰ ᠢ ᠪᠣᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠲᠣᠰᠬᠤᠨ ᠤ ᠠᠷᠠᠳ ᠤᠨ ᠦᠬᠡᠷ ᠲᠡᠵᠢᠭᠡᠬᠦ ᠠᠵᠤ ᠦᠢᠯᠡᠰ ᠢ ᠬᠥᠭᠵᠢᠭᠦᠯᠬᠦ ᠶᠢ ᠢᠳᠡᠪᠬᠢᠲᠡᠢ | ᠬᠥᠲᠥᠯᠥᠨ ᠵᠢᠯᠣᠭᠤᠳᠴᠤ᠂ ᠦᠬᠡᠷ ᠤᠨ ᠠᠵᠤ ᠦᠢᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠴᠢᠬᠤᠯᠠ ᠪᠠᠲᠤᠯᠠᠭ᠎ᠠ ᠪᠣᠯᠭᠠᠪᠠ᠃ | ᠣᠳᠣᠬᠠᠨ ᠳᠤ᠂ ᠬᠠᠷᠠᠨᠢᠭᠤᠷ ᠰᠤᠮᠤ ᠶᠢᠨ ᠦᠬᠡᠷ ᠤᠨ ᠲᠤᠭ᠎ᠠ 14083 ᠲᠣᠯᠣᠭᠠᠢ ᠳᠤ ᠬᠦᠷᠴᠡᠢ᠂ | ᠡᠭᠦᠨ ᠳᠤ ᠰᠠᠭᠤᠷᠢ ᠦᠨᠢᠶ᠎ᠡ 8990 ᠪᠠᠶᠢᠵᠤ᠂ ᠲᠣᠭᠲᠠᠭᠤᠨ ᠠᠵᠤ ᠦᠢᠯᠡᠰ ᠤᠨ ᠬᠥᠭᠵᠢᠯᠲᠡ ᠶᠢᠨ ᠦᠨᠳᠦᠰᠦ | ᠰᠠᠭᠤᠷᠢ ᠶᠢ ᠪᠦᠷᠢᠯᠳᠦᠭᠦᠯᠵᠡᠢ᠃ ᠦᠬᠡᠷ ᠤᠨ ᠠᠵᠤ ᠦᠢᠯᠡᠰ ᠨᠢ ᠬᠠᠷᠠᠨᠢᠭᠤᠷ ᠰᠤᠮᠤ ᠳᠤ ᠶᠠᠭ ᠥᠷᠨᠢᠨ ᠬᠥᠭᠵᠢᠵᠦ᠂ | ᠠᠮᠢᠳᠤᠷᠠᠯ ᠪᠠᠶᠠᠨ ᠴᠢᠨᠡᠭᠡᠯᠢᠭ ᠰᠠᠶᠢᠨ ᠰᠠᠶᠢᠬᠠᠨ ᠬᠠᠭᠤᠳᠠᠰᠤ ᠶᠢ ᠵᠢᠷᠤᠭᠯᠠᠵᠤ ᠪᠠᠶᠢᠨ᠎ᠠ᠃ ︽ᠵᠠᠯᠭᠠᠭᠠᠳ ᠮᠠᠨ ᠤ | ᠰᠤᠮᠤ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠵᠢᠵᠢᠭ ᠲᠣᠭᠤᠷᠢᠭ ᠢ ᠰᠢᠨ᠎ᠡ ᠪᠠᠷ ᠪᠠᠶᠢᠭᠤᠯᠵᠤ᠂ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠢ | ᠣᠷᠣᠭᠤᠯᠤᠨ ᠠᠪᠴᠢᠷᠠᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠡᠭᠦᠨ ᠤ ᠬᠠᠮᠲᠤ᠂ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠵᠦ᠂ ᠦᠬᠡᠷ ᠤᠨ ᠮᠢᠬ᠎ᠠ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠬᠡᠷ ᠤᠨ | ᠠᠵᠤ ᠦᠢᠯᠡᠰ ᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ︿ᠬᠥᠳᠡᠯᠭᠡᠭᠦᠷ﹀ ᠪᠤᠯᠠᠭᠠᠨᠠ︾ ᠬᠡᠵᠤ ᠬᠠᠷᠠᠨᠢᠭᠤᠷ ᠰᠤᠮᠤ ᠶᠢᠨ | ᠳᠡᠳ᠋ ᠱᠦᠵᠢ᠂ ᠰᠤᠮᠤ ᠶᠢᠨ ᠳᠠᠷᠤᠭ᠎ᠠ ᠪᠠᠶᠠᠷᠲᠦ ᠬᠡᠯᠡᠪᠡ᠃ |