6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ 112 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠦᠬᠦᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ᠂ ᠰᠠᠬᠢᠯᠭ᠎ᠠ ᠪᠠᠲᠤ ᠪᠠᠶᠢᠴᠠᠭᠠᠬᠤ | ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠱᠠᠰᠢᠨ ᠰᠤᠷᠲᠠᠬᠤᠨ ᠤ | ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠢ᠃ ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ | ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠢ | ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠥᠴᠦᠬᠡᠨ ᠴᠦ | ᠠᠭᠤᠴᠢᠯᠠᠬᠤ ᠦᠭᠡᠢ ᠣᠪᠣᠷ ᠢᠶᠠᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ | ᠴᠡᠭᠴᠡᠯᠡᠨ ᠵᠠᠰᠠᠵᠤ᠂ ᠨᠢᠭᠡ ᠱᠠᠲᠤ ᠨᠢ ᠨᠢᠭᠡ ᠱᠠᠲᠤ ᠪᠠᠨ ᠬᠠᠮᠢᠶᠠᠷᠬᠤ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠬᠤ ᠪᠠᠷ ᠳᠠᠮᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠰᠦᠷ | ᠬᠦᠴᠦᠲᠦ ᠪᠠᠶᠢᠳᠠᠯ ᠢ ᠨᠠᠮ ᠤᠨ ᠭᠡᠰᠢᠭᠦᠨ᠂ ᠺᠠᠳ᠋ᠷ ᠨᠢᠭᠡᠪᠦᠷᠢ ᠳᠤ ᠳᠠᠮᠵᠢᠭᠤᠯᠬᠤ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ | ᠴᠢᠩᠭᠠᠳᠬᠠᠬᠤ ᠶᠢᠨ ᠲᠣᠭᠤᠷᠢᠨ ᠳᠤ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠳᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠵᠦ | ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |