ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/30
   6 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠸᠧᠢ ᠱᠤᠸᠠᠨ ᠱᠢ ᠵᠡᠷᠭᠡ ᠬᠥᠮᠦᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠢᠯᠡ ᠪᠠᠷ ᠵᠠᠷᠯᠠᠨ ᠮᠡᠳᠡᠭᠳᠡᠵᠦ ᠂ 6 ᠰᠠᠷ᠎ᠠ ᠶᠢᠨ 22 ᠤᠨ ᠡᠳᠦᠷ ᠲᠥᠪ ᠤᠨ ᠶᠢᠰᠦᠳᠦᠭᠡᠷ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠤᠨ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠵᠢᠭᠠᠨ ᠵᠢᠯᠣᠭᠤᠳᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠬᠦ᠂ ᠬᠠᠷᠢᠯᠴᠠᠨ ᠠᠰᠢᠭᠲᠠᠢ᠂ ᠬᠠᠷᠢᠯᠴᠠᠨ ᠬᠠᠪᠰᠤᠷᠤᠯᠴᠠᠬᠤ︾ ᠳᠤᠮᠳᠠᠳᠤ ᠤᠯᠤᠰ - ᠳᠤᠮᠳᠠᠳᠤ ᠠᠽᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠶᠢᠯᠠᠭᠠᠭᠳᠠᠬᠤᠨ ᠢᠶᠠᠷ ᠲᠤᠰ ᠭᠠᠵᠠᠷ ᠤᠨ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠦᠨᠵᠡᠭᠡᠢ ᠰᠤᠷᠭᠠᠮᠵᠢ ᠠᠪᠴᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠬᠤᠷᠢᠭᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠡᠷᠡᠭ ᠢᠶᠠᠷ ᠲᠣᠯᠢ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠬᠤᠰᠢᠭᠤᠨ ᠤ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号