ᠼᠠᠢ ᠪᠦᠦ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/30
   6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢ᠊ ᠡᠶ᠎ᠡ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠪᠠᠶᠢᠴᠠᠭᠠᠵᠤ ᠦᠨᠡᠯᠡᠨ ᠵᠢᠱᠢᠭᠰᠡᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠣᠭᠤᠷᠢᠨ ᠪᠠᠶᠢᠴᠠᠭᠠᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠨᠢ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ︽ᠳᠥᠷᠪᠡᠨ ᠠᠩᠬᠠᠷᠤᠯ︾ ᠤᠨ ᠬᠢᠨᠠᠯᠲᠠ ᠲᠠᠯᠪᠢᠬᠤ ᠭᠤᠣᠯᠳᠠᠯᠭ᠎ᠠ ᠶᠢᠨ ᠲᠣᠭᠤᠷᠢᠨ ᠳᠤ᠂ ᠠᠵᠢᠯ ᠲᠥᠷᠥᠯ ᠤᠨ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠵᠤ᠂ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶᠠᠨ ᠤ ᠲᠤᠰᠢᠶᠠᠭᠰᠠᠨ ᠤᠯᠤᠰ ᠲᠥᠷᠥ ᠶᠢᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠦᠨᠳᠦᠰᠦᠨ ᠡᠭᠦᠷᠭᠡ᠂ ᠬᠠᠷᠢᠭᠤᠴᠠᠯᠭ᠎ᠠ ᠡᠭᠦᠷᠭᠡ᠂ ᠥᠷᠲᠡᠭ ᠤᠨ ᠬᠠᠨᠳᠤᠰᠢ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢ᠊ ᠡᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠠᠵᠢᠯ᠂ ᠴᠢᠬᠤᠯᠠ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠡᠴᠦᠰ ᠲᠤᠨᠢ ᠲᠤᠯᠲᠠᠯ᠎ᠠ ᠬᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ︽ᠭᠤᠷᠪᠠᠨᠵᠢᠭᠤᠯᠬᠤ︾ ᠪᠠᠶᠢᠭᠤᠯᠤᠯᠲᠠ ᠶᠢᠨ ᠣᠨ ᠤ ᠠᠵᠢᠯᠯᠠᠭ᠎ᠠ ᠲᠠᠢ ᠤᠶᠠᠯᠳᠤᠭᠤᠯᠤᠨ᠂ ᠴᠠᠭᠳᠠᠨ ᠪᠠᠶᠢᠴᠠᠭᠠᠬᠤ ᠠᠵᠢᠯ ᠤᠨ ᠵᠢᠷᠤᠮᠵᠢᠭᠤᠨ ᠬᠥᠭᠵᠢᠯᠲᠡ ᠶᠢ ᠠᠬᠢᠭᠤᠯᠤᠨ᠎ᠠ᠃    ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠠᠯᠪᠠᠨ ᠭᠡᠷ ᠨᠢ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢ᠊ ᠡᠶ᠎ᠡ ᠶᠢᠨ 2025 ᠣᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠯᠡᠭᠡ︾ ᠶᠣᠰᠣᠭᠠᠷ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ︽ᠸᠠᠩ ᠬᠤᠩ ᠶᠢᠨ ᠨᠥᠬᠦᠷ ᠤᠨ ᠲᠣᠰᠬᠤᠨ ᠤ ᠲᠣᠭᠤᠷᠢᠨ ᠪᠠᠶᠢᠴᠠᠭᠠᠬᠤ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ ᠶᠠᠷᠢᠭᠰᠠᠨ ᠶᠠᠷᠢᠶ᠎ᠠ︾ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠤ ᠲᠣᠰᠬᠤᠨ ᠤ ᠲᠣᠭᠤᠷᠢᠨ ᠪᠠᠶᠢᠴᠠᠭᠠᠬᠤ ᠠᠵᠢᠯ ᠳᠤ ᠥᠭᠭᠦᠭᠰᠡᠨ ᠠᠰᠢᠭᠲᠠᠢ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠤᠰᠢᠶᠠᠯ ᠤᠨ ᠬᠤᠭᠤᠴᠠᠭᠠᠨ ᠳᠠᠬᠢ ᠲᠣᠭᠤᠷᠢᠨ ᠪᠠᠶᠢᠴᠠᠭᠠᠬᠤ ᠠᠵᠢᠯ ᠢ ᠪᠦᠬᠦᠨ ᠢ ᠪᠦᠷᠬᠦᠭᠦᠯᠬᠦ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠤᠳᠤᠷᠢᠳᠤᠯᠭ᠎ᠠ ᠪᠦᠦ ᠬᠥᠭᠵᠢᠯᠲᠦ᠂ ᠴᠧᠨ ᠴᠢᠩ ᠬᠤᠸᠠ᠂ ᠮᠠᠨᠳᠤᠯ᠂ ᠴᠧᠨ ᠯᠢ ᠭᠦᠸᠧ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠵᠢᠴᠢ ᠬᠠᠮᠢᠶ᠎ᠠ ᠪᠦᠬᠦᠢ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号