ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠥᠷᠥ ᠶᠢᠨ ᠪᠣᠳᠣᠯᠭ᠎ᠠ ᠰᠤᠳᠤᠯᠬᠤ | ᠲᠠᠰᠤᠭ ᠤᠨ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠯᠢ ᠴᠤᠤ 6 ᠳ᠋ᠤᠭᠠᠷ ᠰᠠᠷ᠎ᠠ ᠶᠢᠨ 26 ᠤ ᠡᠳᠦᠷ | ᠢᠯᠡᠷᠬᠡᠶᠢᠯᠡᠬᠦ ᠳᠤ ᠪᠠᠨ᠂ ᠨᠢᠭᠡᠨᠲᠡ ᠲᠣᠭᠲᠠᠭᠠᠭᠰᠠᠨ ᠠᠵᠢᠯ ᠤᠨ ᠲᠣᠬᠢᠷᠠᠭᠤᠯᠤᠯᠲᠠ ᠶᠣᠰᠣᠭᠠᠷ᠂ 7 ᠳ᠋ᠤᠭᠠᠷ | ᠰᠠᠷ᠎ᠠ ᠳᠤ ᠡᠨᠡ ᠵᠢᠯ ᠤᠨ ᠭᠤᠷᠪᠠᠳᠤᠭᠠᠷ ᠪᠦᠯᠦᠭ ᠤᠨ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠪᠡᠯᠡ ᠮᠥᠩᠭᠦ ᠶᠢ ᠪᠠᠭᠤᠯᠭᠠᠨ᠎ᠠ᠃ ᠡᠭᠦᠨ ᠤ ᠬᠠᠮᠲᠤ᠂ ᠬᠤᠯᠪᠣᠭᠳᠠᠯ ᠪᠦᠬᠦᠢ ᠲᠠᠯ᠎ᠠ ᠶᠢ ᠵᠣᠬᠢᠴᠠᠭᠤᠯᠵᠤ | ᠪᠠᠶᠢᠭᠠᠳ᠂ ︽ᠴᠠᠭ ᠤᠨ ᠳᠠᠷᠠᠭᠠᠯᠠᠯᠲᠤ ᠴᠢᠨᠠᠷ︾ ᠪᠠ ︽ᠲᠡᠩᠴᠡᠭᠦᠷᠢᠲᠦ ᠴᠢᠨᠠᠷ︾ ᠢ ᠨᠠᠩ ᠴᠢᠬᠤᠯᠠᠴᠢᠯᠠᠬᠤ | ᠵᠠᠷᠴᠢᠮ ᠢ ᠪᠠᠷᠢᠮᠲᠠᠯᠠᠨ᠂ ᠰᠠᠷ᠎ᠠ ᠪᠦᠷᠢ᠂ ᠭᠠᠷᠠᠭ ᠪᠦᠷᠢ ᠶᠢᠨ ︽ᠤᠯᠤᠰ ᠤᠨ ᠨᠡᠮᠡᠭᠦᠷᠢ︾ ᠶᠢᠨ ᠪᠡᠯᠡ ᠮᠥᠩᠭᠦ ᠶᠢ | ᠬᠡᠷᠡᠭᠯᠡᠬᠦ ᠲᠥᠯᠥᠪᠯᠡᠭᠡ ᠶᠢ ᠬᠦᠷᠢᠶ᠎ᠡ ᠬᠤᠪᠢᠶᠠᠨ ᠲᠣᠭᠲᠠᠭᠠᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠥᠬᠦ ᠵᠢᠯ ᠳᠤ ᠡᠮᠬᠢ ᠵᠢᠷᠤᠮ ᠲᠠᠢ | ᠬᠡᠷᠡᠭᠵᠢᠭᠦᠯᠬᠦ ᠶᠢ ᠪᠠᠲᠤᠯᠠᠨ᠎ᠠ ᠭᠡᠵᠡᠢ᠃ | ᠯᠢ ᠴᠤᠤ ᠢᠯᠡᠷᠬᠡᠶᠢᠯᠡᠬᠦ ᠳᠤ ᠪᠠᠨ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ | ᠂ ᠬᠡᠳᠦ ᠣᠷᠳᠣ ᠬᠤᠭᠤᠴᠠᠭᠠᠲᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ | ᠡᠷᠴᠢᠮ ᠨᠢ 3000 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠤ 2 ᠪᠦᠯᠦᠭ ᠤᠨ ᠨᠡᠶᠢᠲᠡ 1620 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠥᠯᠥᠪᠯᠡᠭᠡ ᠶᠣᠰᠣᠭᠠᠷ ᠲᠣᠰ ᠲᠣᠰ 1 ᠳ᠋ᠦ᠋ᠭᠡᠷ ᠰᠠᠷ᠎ᠠ᠂ 4 ᠳ᠋ᠦ᠋ᠭᠡᠷ | ᠰᠠᠷ᠎ᠠ ᠳᠤ ᠪᠠᠭᠤᠯᠭᠠᠭᠰᠠᠨ ᠪᠥᠭᠡᠳ ᠪᠠᠰᠠ ᠣᠷᠣᠨ ᠨᠤᠲᠤᠭ ᠤᠨ ᠪᠡᠯᠡ ᠮᠥᠩᠭᠦᠨ ᠤ ᠬᠡᠷᠡᠭᠯᠡᠯᠲᠡ ᠶᠢᠨ ᠪᠠᠶᠢᠳᠠᠯ ᠢ | ᠴᠢᠬᠤᠯᠠ ᠬᠦᠴᠦᠨ ᠵᠦᠢᠯ ᠪᠣᠯᠭᠠᠵᠤ᠂ ᠨᠢᠳᠤᠨᠤᠨ ᠣᠷᠣᠨ ᠨᠤᠲᠤᠭ ᠤᠨ ᠪᠡᠯᠡ ᠮᠥᠩᠭᠦ ᠶᠢ ᠢᠯᠡᠭᠦᠦ ᠵᠠᠷᠤᠭᠰᠠᠨ | ᠭᠠᠵᠠᠷ ᠣᠷᠣᠨ ᠳᠤ ᠢᠯᠡᠭᠦᠦ ᠳᠡᠮᠵᠢᠯᠭᠡ ᠦᠵᠡᠭᠦᠯᠦᠭᠰᠡᠨ ᠪᠠᠶᠢᠨ᠎ᠠ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ | ᠬᠡᠳᠦ ᠣᠷᠳᠣ ᠬᠤᠭᠤᠴᠠᠭᠠᠲᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦᠨ ᠤ ᠳᠡᠮᠵᠢᠯᠭᠡ ᠶᠢᠨ | ᠡᠷᠴᠢᠮ ᠨᠢ 2000 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ ᠪᠦᠯᠦᠭ ᠤᠨ ᠪᠠᠷᠤᠭ 1730 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ︽ᠣᠷᠣᠨ ᠨᠤᠲᠤᠭ ᠬᠢᠨᠠᠨ ᠬᠠᠷᠭᠤᠭᠤᠯᠬᠤ᠂ ᠤᠯᠤᠰ ᠳᠠᠬᠢᠨ ᠬᠢᠨᠠᠬᠤ︾ ᠵᠠᠷᠴᠢᠮ | ᠶᠣᠰᠣᠭᠠᠷ᠂ 16 ᠬᠦᠷᠢᠶᠡᠨ ᠤ 7500 ᠲᠥᠷᠥᠯ ᠵᠦᠢᠯ ᠳᠤ ᠲᠣᠬᠢᠷᠠᠭᠤᠯᠵᠤ᠂ ᠬᠤᠶᠠᠳᠤᠭᠠᠷ ᠪᠦᠯᠦᠭ ᠤᠨ ᠪᠡᠯᠡ | ᠮᠥᠩᠭᠦ ᠶᠢ ᠶᠠᠭ ᠲᠥᠷᠥᠯ ᠵᠦᠢᠯ ᠢ ᠬᠢᠨᠠᠨ ᠬᠠᠷᠭᠤᠭᠤᠯᠵᠤ ᠰᠢᠯᠢᠨ ᠰᠣᠩᠭᠤᠬᠤ ᠠᠵᠢᠯ ᠢ ᠵᠡᠷᠭᠡ ᠪᠠᠷ ᠥᠷᠨᠢᠭᠦᠯᠵᠦ | ᠪᠠᠶᠢᠨ᠎ᠠ᠃ | ᠯᠢ ᠴᠤᠤ ᠬᠡᠯᠡᠬᠦ ᠳᠤ ᠪᠠᠨ᠂ ᠶᠡᠷᠦᠩᠬᠡᠢ ᠳᠤ ᠨᠢ ᠠᠪᠴᠤ ᠦᠵᠡᠪᠡᠯ᠂ ︽ᠬᠤᠶᠠᠷ ᠰᠢᠨ᠎ᠡ︾ ᠶᠢᠨ ᠲᠥᠷᠥ ᠶᠢᠨ | ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ | ᠬᠡᠷᠡᠭᠯᠡᠭᠡ ᠶᠢ ᠥᠷᠭᠡᠳᠬᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠵᠠᠩᠭᠢᠯᠠᠭ᠎ᠠ ᠶᠢᠨ ᠦᠢᠯᠡᠳᠦᠯ ᠤᠯᠠᠮ ᠨᠢᠭᠡ ᠠᠯᠬᠤᠮ ᠲᠣᠪᠤᠶᠢᠮ᠎ᠠ ᠪᠣᠯᠵᠤ᠂ ᠭᠡᠷ ᠤᠨ ᠴᠠᠬᠢᠯᠭᠠᠨ ᠬᠡᠷᠡᠭᠰᠡᠯ | ᠂ ᠭᠡᠷ ᠤᠨ ᠬᠡᠷᠡᠭᠰᠡᠯ᠂ ᠴᠢᠮᠡᠭᠡ ᠬᠤᠯᠪᠣᠭᠠᠨ ᠤ ᠪᠠᠭᠠᠵᠢ ᠵᠡᠷᠭᠡ ᠶᠢᠨ ᠪᠣᠷᠤᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠡᠨᠡ | ᠵᠢᠯ ᠠᠴᠠ ᠨᠠᠭᠠᠰᠢ ᠬᠠᠭᠤᠴᠢᠨ ᠢᠶᠠᠷ ᠰᠢᠨ᠎ᠡ ᠶᠢ ᠰᠣᠯᠢᠬᠤ ᠬᠠᠮᠢᠶ᠎ᠠ ᠪᠦᠬᠦᠢ ᠲᠠᠸᠠᠷ ᠢ ᠪᠣᠷᠣᠯᠠᠭᠤᠯᠤᠭᠰᠠᠨ ᠲᠤᠭ᠎ᠠ ᠨᠢ | 1.4 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠭᠡᠵᠡᠢ᠃ | ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠶᠠᠮᠤᠨ ᠤ | ᠬᠤᠭᠤᠷᠣᠨᠳᠣᠬᠢ ᠬᠤᠯᠪᠣᠭᠠᠯᠠᠭᠰᠠᠨ ᠬᠤᠷᠠᠯᠳᠤᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠴᠢᠩᠭᠠᠳᠬᠠᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠨᠠᠩ ᠣᠯᠠᠨ ᠪᠣᠳᠠᠲᠠᠢ ᠪᠣᠳᠠᠰ ᠤᠨ ᠪᠣᠷᠣᠯᠠᠭᠤᠯᠭ᠎ᠠ ᠪᠠᠷ ᠠᠵᠢᠯ ᠢᠶᠠᠨ ᠪᠡᠶᠡᠯᠡᠭᠦᠯᠬᠦ ᠶᠢ ᠠᠬᠢᠭᠤᠯᠤᠨ᠎ᠠ | ︔ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠶᠢᠨ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠬᠦᠴᠦᠯᠡᠨ | ᠬᠡᠷᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠲᠥᠬᠦᠭᠡᠷᠦᠮᠵᠢ ᠶᠢ ᠰᠢᠨᠡᠳᠬᠡᠬᠦ ᠪᠡᠯᠡ ᠲᠣᠬᠢᠷᠠᠭᠤᠯᠭ᠎ᠠ ᠶᠢᠨ | ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠡᠢ᠃ | | | |