2025 ᠣᠨ ᠤ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠭᠤᠣᠯᠳᠠᠯᠭ᠎ᠠ ᠪᠣᠯᠬᠤ ᠪᠠ ᠬᠦᠴᠢᠷᠳᠡᠯ ᠲᠠᠢ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠤᠷᠢᠳᠴᠢᠯᠠᠨ ᠣᠷᠣᠯᠴᠠᠬᠤ᠂ ᠠᠬᠤᠢ ᠲᠠᠯᠠᠪᠠᠢ ᠳᠤ ᠵᠢᠯᠤᠭᠤᠳᠬᠤ᠂ ᠳᠠᠷᠦ᠋ᠢᠬᠠᠨ ᠬᠦᠷᠴᠦ | ᠪᠠᠷᠢᠨ ᠭᠦᠢᠴᠡᠳᠬᠡᠬᠦ︾ ᠭᠤᠷᠪᠠᠨ ᠠᠯᠬᠤᠮ ᠢᠶᠠᠷ ᠠᠵᠢᠯᠯᠠᠬᠤ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠴᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠪᠥᠬᠦ ᠣᠷᠣᠨ ᠤ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠨ᠂ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠳᠤ ᠬᠦᠴᠦᠨ ᠨᠡᠮᠡᠷᠢᠯᠡᠪᠡ᠃ | ᠲᠦᠷᠦᠭᠦᠤ ᠬᠠᠭᠠᠰ ᠵᠢᠯ ᠳᠤ ᠡᠷᠬᠡ ᠮᠡᠳᠡᠯ ᠤᠨ ᠬᠡᠪᠴᠢᠶᠡᠨ ᠳᠠᠬᠢ ᠵᠠᠮ ᠬᠠᠷᠢᠯᠴᠠᠭᠠᠨ ᠤ ᠰᠠᠭᠤᠷᠢ | ᠪᠡᠯᠡᠳᠬᠡᠮᠵᠢ ᠶᠢᠨ ᠲᠦᠷᠦᠯ ᠵᠦᠢᠯ ᠢ ᠨᠡᠶᠢᠲᠡ 17 ᠶᠢ ᠬᠢᠨᠠᠨ ᠵᠦᠪᠰᠢᠶᠡᠷᠡᠭᠰᠡᠨ ᠪᠠ ᠬᠠᠷᠭᠤᠭᠤᠯᠤᠨ ᠵᠦᠪᠰᠢᠶᠡᠷᠡᠵᠦ᠂ | ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠨᠢ ᠪᠠᠷᠤᠭ 137.22 ᠳ᠋ᠦᠩᠰᠢᠭᠤᠷ ᠲᠥᠭᠦᠷᠢᠭ ᠲᠤ ᠬᠦᠷᠴᠡᠢ᠃ | ᠲᠡᠮᠦᠷ ᠵᠠᠮ ᠤᠨ ᠲᠠᠯ᠎ᠠ ᠪᠠᠷ᠂ ᠰᠢᠨ᠎ᠡ ᠵᠡᠭᠡᠯᠢ ᠶᠢᠨ ᠪᠠᠷᠠᠭᠤᠨ ᠦᠷᠲᠡᠭᠡ ᠲᠡᠮᠦᠷ ᠵᠠᠮ ᠤᠨ ᠲᠤᠰᠬᠠᠢ ᠱᠤᠭᠤᠮ᠂ | ᠵᠡᠭᠦᠨᠭᠠᠷ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠱᠤᠭᠤᠮ ᠵᠡᠷᠭᠡ 6 ᠲᠥᠷᠥᠯ ᠵᠦᠢᠯ ᠢ | ᠬᠠᠷᠭᠤᠭᠤᠯᠤᠨ ᠵᠦᠪᠰᠢᠶᠡᠷᠡᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠨᠢ ᠪᠠᠷᠤᠭ 28.94 | ᠳ᠋ᠦᠩᠰᠢᠭᠤᠷ ᠲᠥᠭᠦᠷᠢᠭ ᠲᠤ ᠬᠦᠷᠴᠡᠢ︔ ᠵᠠᠰᠠᠮᠠᠯ ᠵᠠᠮ ᠤᠨ ᠲᠠᠯ᠎ᠠ ᠪᠠᠷ᠂ ᠤᠯᠤᠰ ᠤᠨ ᠵᠠᠮ ᠤᠨ 628 | ᠱᠤᠭᠤᠮ ᠤᠨ ᠾᠧᠢ ᠯᠢᠦ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠯᠢᠦ ᠭᠤᠸᠠᠢ ᠱᠠ ᠲᠧᠦ | ᠬᠦᠷᠬᠦ ᠵᠠᠰᠠᠮᠠᠯ ᠵᠠᠮ ᠵᠡᠷᠭᠡ 8 ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠲᠤᠬᠠᠢ ᠰᠤᠳᠤᠯᠭᠠᠨ ᠤ | ᠮᠡᠳᠡᠭᠦᠯᠦᠯᠲᠡ ᠶᠢ ᠬᠢᠨᠠᠨ ᠵᠥᠪᠰᠢᠶᠡᠷᠡᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠨᠢ ᠪᠠᠷᠤᠭ 106.4 | ᠳ᠋ᠦᠩᠰᠢᠭᠤᠷ ᠲᠥᠭᠦᠷᠢᠭ ᠲᠤ ᠬᠦᠷᠴᠡᠢ︔ ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠰᠥᠨᠢᠳ ᠵᠡᠭᠦᠨ | ᠬᠤᠰᠢᠭᠤ᠂ ᠲᠠᠶᠢᠹᠤᠰᠧ ᠬᠤᠰᠢᠭᠤ᠂ ᠳᠣᠯᠣᠨ ᠨᠠᠭᠤᠷ ᠰᠢᠶᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠲᠥᠷᠥᠯ ᠵᠦᠢᠯ ᠤᠨ ᠭᠤᠶᠤᠴᠢᠯᠠᠯ ᠤᠨ ᠮᠡᠳᠡᠭᠦᠯᠦᠯᠲᠡ ᠶᠢ ᠬᠠᠷᠭᠤᠭᠤᠯᠤᠨ ᠵᠦᠪᠰᠢᠶᠡᠷᠡᠵᠦ᠂ ᠪᠡᠯᠡ | ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠨᠢ ᠪᠠᠷᠤᠭ 1.87 ᠳ᠋ᠦᠩᠰᠢᠭᠤᠷ ᠲᠥᠭᠦᠷᠢᠭ ᠲᠤ ᠬᠦᠷᠴᠡᠢ᠃ | 2025 ᠣᠨ ᠤ ᠳᠣᠣᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠢᠨ ᠡᠯ᠎ᠡ ᠠᠶᠢᠮᠠᠭ ᠬᠤᠲᠠ ᠪᠠ ᠲᠥᠷᠥᠯ ᠵᠦᠢᠯ ᠤᠨ ᠨᠢᠭᠡᠴᠢ ᠳᠤ ᠦᠷᠭᠦᠯᠵᠢᠯᠡᠨ | ᠦᠢᠯᠡᠴᠢᠯᠡᠵᠦ᠂ ᠡᠷᠬᠡ ᠮᠡᠳᠡᠯ ᠤᠨ ᠬᠡᠪᠴᠢᠶᠡᠨ ᠳᠠᠬᠢ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠤᠨ ᠨᠥᠭᠡᠴᠡᠯᠡᠬᠦ | ᠬᠡᠪᠴᠢᠶ᠎ᠡ ᠶᠢ ᠦᠷᠭᠡᠳᠬᠡᠨ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭᠠᠨ ᠢ | ᠨᠠᠶᠢᠳᠠᠪᠤᠷᠢᠵᠢᠭᠤᠯᠵᠤ᠂ ᠪᠥᠬᠦ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠣᠷ ᠤᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ ᠳᠤ ᠳᠡᠮᠵᠢᠯᠭᠡ ᠬᠠᠩᠭᠠᠨ᠎ᠠ᠃ |