︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ | ᠤᠩᠰᠢᠭᠴᠢᠳ ᠲᠠᠢ ᠠᠭᠤᠯᠵᠠᠬᠤ ᠬᠤᠷᠠᠯ 26 ᠤ ᠡᠳᠦᠷ ᠮᠠᠳ᠋ᠷᠢᠳ᠋ ᠲᠤ ᠠᠮᠵᠢᠯᠲᠠ ᠲᠠᠢ ᠶᠠᠪᠤᠭᠳᠠᠪᠠ᠃ ᠳᠤᠮᠳᠠᠳᠤ | ᠢᠰᠫᠠᠨᠢ ᠶᠢᠨ ᠵᠠᠭᠤ ᠭᠠᠷᠤᠢ ᠵᠣᠴᠢᠳ ᠠᠭᠤᠯᠵᠠᠯᠲᠠ ᠶᠢᠨ ᠬᠤᠷᠠᠯ ᠳᠤ ᠣᠷᠣᠯᠴᠠᠵᠤ᠂ ᠲᠡᠷᠢᠭᠦᠯᠡᠭᠴᠢ ᠰᠢ ᠶᠢᠨ ᠫᠢᠩ ᠤᠨ | ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠴᠢᠬᠤᠯᠠ ᠥᠭᠦᠯᠡᠯᠲᠡ ᠶᠢᠨ ᠳᠤᠮᠳᠠᠳᠤ ᠤᠯᠤᠰ ᠪᠣᠯᠤᠨ | ᠳᠡᠯᠡᠬᠡᠢ ᠶᠢᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠶᠡᠭᠡ ᠠᠴᠢ | ᠬᠤᠯᠪᠣᠭᠳᠠᠯ ᠤᠨ ᠲᠣᠭᠤᠷᠢᠨ ᠳᠤ ᠬᠥᠭᠵᠢᠶᠡᠨ ᠲᠠᠢ ᠶᠠᠷᠢᠯᠴᠠᠪᠠ᠃ | ᠢᠰᠫᠠᠨᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠶᠣᠣ ᠵᠢᠩ ᠠᠭᠤᠯᠵᠠᠯᠲᠠ ᠶᠢᠨ ᠬᠤᠷᠠᠯ ᠳᠡᠭᠡᠷ᠎ᠡ᠂ | ᠲᠡᠷᠢᠭᠦᠯᠡᠭᠴᠢ ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠴᠢᠬᠤᠯᠠ ᠥᠭᠦᠯᠡᠯᠲᠡ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠦᠨ ᠤ ᠡᠷᠬᠡ ᠶᠢ ᠬᠠᠮᠠᠭᠠᠯᠠᠨ ᠠᠬᠢᠭᠤᠯᠬᠤ ᠡᠷᠡᠰ ᠵᠣᠷᠢᠭ ᠢ | ᠢᠯᠡᠷᠡᠭᠦᠯᠦᠭᠰᠡᠨ ᠪᠥᠭᠡᠳ ᠳᠤᠮᠳᠠᠳᠤ ᠤᠯᠤᠰ ᠤᠨ ᠬᠢᠨ ᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠭᠰᠠᠨ ᠴᠥᠬᠦᠷᠡᠰᠢ ᠦᠭᠡᠢ ᠴᠢᠷᠮᠠᠶᠢᠯᠭ᠎ᠠ ᠶᠢ ᠢᠯᠡᠷᠡᠭᠦᠯᠵᠡᠢ᠃ ᠳᠤᠮᠳᠠᠳᠤ ᠤᠯᠤᠰ | ᠳᠤᠷᠠᠲᠠᠶ᠎ᠠ ᠡᠷᠬᠡ ᠲᠡᠭᠰᠢ ᠪᠠ ᠬᠠᠷᠢᠯᠴᠠᠨ ᠬᠦᠨᠳᠦᠳᠭᠡᠭᠰᠡᠨ ᠰᠠᠭᠤᠷᠢᠨ ᠳᠡᠭᠡᠷ᠎ᠡ ᠡᠯ᠎ᠡ ᠲᠠᠯ᠎ᠠ ᠶᠢᠨ ᠬᠢᠨ ᠲᠠᠢ ᠬᠥᠮᠦᠨ ᠤ | ᠡᠷᠬᠡ ᠶᠢᠨ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠲᠤᠯᠢ ᠪᠣᠯᠭᠠᠵᠤ᠂ | ᠬᠠᠮᠲᠤ ᠪᠠᠷ ᠲᠠᠪᠰᠢᠵᠤ᠂ ᠤᠯᠠᠨ ᠤᠯᠤᠰ ᠤᠨ ᠬᠥᠮᠦᠨ ᠤ ᠡᠷᠬᠡ ᠶᠢᠨ ᠦᠢᠯᠡᠰ ᠲᠤ ᠬᠤᠪᠢ ᠨᠡᠮᠡᠷᠢ ᠦᠵᠡᠭᠦᠯᠦᠨ᠎ᠡ ᠭᠡᠪᠡ᠃ | ᠢᠰᠫᠠᠨᠢ ᠶᠢᠨ ᠡᠪ ᠬᠠᠮᠲᠤ ᠨᠠᠮ ᠤᠨ ᠲᠡᠷᠢᠭᠦᠯᠡᠭᠴᠢ ᠰᠤᠨᠳ᠋ᠯᠢᠶᠠ ᠬᠥᠭᠵᠢᠯᠲᠡ ᠶᠢᠨ ᠡᠷᠬᠡ ᠪᠣᠯᠤᠨ ᠶᠠᠳᠠᠭᠤ ᠬᠦᠴᠢᠷᠳᠡᠯ ᠢ | ᠠᠷᠢᠯᠭᠠᠬᠤ᠂ ᠬᠠᠤᠯᠢ ᠪᠠᠷ ᠵᠠᠰᠠᠬᠤ ᠤᠯᠤᠰ ᠤᠨ ᠪᠠᠶᠢᠭᠤᠯᠤᠯᠲᠠ ᠵᠡᠷᠭᠡ ᠲᠠᠯ᠎ᠠ ᠪᠠᠷ ᠲᠡᠷᠢᠭᠦᠯᠡᠭᠴᠢ ᠰᠢ ᠶᠢᠨ ᠫᠢᠩ ᠤᠨ | ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠴᠢᠬᠤᠯᠠ ᠥᠭᠦᠯᠡᠯᠲᠡ ᠨᠢ ᠳᠤᠮᠳᠠᠳᠤ ᠤᠯᠤᠰ ᠤᠨ ᠤᠨᠴᠠᠯᠢᠭ | ᠪᠦᠬᠦᠢ ᠨᠡᠶᠢᠭᠡᠮ ᠵᠢᠷᠤᠮ ᠳᠤ ᠬᠡᠷᠬᠢᠨ ᠠᠭᠤᠰᠤᠯᠴᠠᠭᠰᠠᠨ ᠤᠯᠤᠰ ᠲᠦᠷᠦ ᠶᠢᠨ ᠦᠢᠯᠡᠳᠦᠯᠭᠡ ᠶᠢ ᠳᠤᠳᠤᠷᠬᠠᠶᠢᠯᠠᠨ ᠦᠭᠦᠯᠡᠪᠡ | ᠃ | ᠢᠰᠫᠠᠨᠢ ᠶᠢᠨ ᡁᠢ ᠬᠤᠸᠠ ᠶᠠᠷᠢᠶᠠᠨ ᠤ ᠲᠠᠩᠬᠢᠮ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ | ᠮᠤᠩᠲ᠋ᠤᠯᠤ ᠶᠢᠨ ᠦᠵᠡᠬᠦ ᠪᠠᠷ᠂ ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ | ᠥᠭᠦᠯᠡᠯᠲᠡ ᠶᠢᠨ ᠲᠡᠭᠦᠪᠦᠷᠢ︾ ᠨᠢ ᠭᠠᠳᠠᠭᠠᠳᠤ ᠶᠢᠨ ᠬᠢᠨ ᠤ ᠳᠤᠮᠳᠠᠳᠤ ᠤᠯᠤᠰ ᠤᠨ ᠬᠥᠮᠦᠨ ᠤ ᠡᠷᠬᠡ ᠶᠢᠨ | ᠠᠰᠠᠭᠤᠳᠠᠯ ᠤᠨ ᠲᠤᠬᠠᠢ ᠠᠯᠢ ᠤᠯᠠᠨ ᠬᠡᠯᠪᠠᠶᠢᠭᠦᠦ ᠦᠵᠡᠯᠲᠡ ᠪᠠ ᠠᠳᠡᠭᠦᠦ ᠣᠶᠢᠯᠠᠭᠠᠯᠲᠠ ᠶᠢ ᠬᠤᠪᠢᠷᠠᠭᠤᠯᠵᠤ᠂ ᠳᠤᠮᠳᠠᠳᠤ | ᠤᠯᠤᠰ ᠤᠨ ᠬᠥᠮᠦᠨ ᠤ ᠡᠷᠬᠡ ᠶᠢᠨ ᠦᠵᠡᠯᠲᠡ ᠶᠢ ᠣᠶᠢᠯᠠᠭᠠᠬᠤ ᠴᠢᠬᠤᠯᠠ ᠴᠤᠩᠬᠤᠪᠴᠢ ᠪᠣᠯᠵᠠᠢ᠃ ᠲᠤᠰ ᠲᠡᠬᠦᠪᠦᠷᠢ ᠪᠠᠷ | ᠳᠠᠮᠵᠢᠨ᠂ ᠤᠩᠰᠢᠭᠴᠢᠳ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠬᠦᠷᠢᠶᠡᠨ ᠳᠠᠬᠢ ᠣᠶᠢᠯᠠᠭᠠᠭᠳᠠᠬᠤᠨ ᠪᠠ | ᠦᠢᠯᠡᠳᠦᠯᠭᠡ ᠶᠢ ᠨᠠᠶᠢᠷᠠᠮᠳᠠᠯ᠂ ᠴᠢᠩᠭ᠎ᠠ ᠨᠢᠮᠪᠠᠢ ᠣᠪᠣᠷ ᠢᠶᠠᠷ ᠭᠦᠨᠵᠡᠭᠡᠢ ᠵᠠᠳᠠᠯᠤᠨ ᠶᠠᠷᠢᠯᠴᠠᠵᠤ ᠪᠤᠯᠤᠨ᠎ᠠ᠃ | ᠳᠤᠮᠳᠠᠳᠤ ᠧᠦ᠋ᠷᠣᠫᠠ ᠶᠢᠨ ᠰᠢᠨ᠎ᠡ ᠲᠣᠷᠭᠠᠨ ᠵᠠᠮ ᠤᠨ ᠰᠤᠳᠤᠯᠭᠠᠨ ᠤ ᠲᠦᠪ ᠤᠨ ᠬᠡᠷᠡᠭ ᠡᠷᠬᠢᠯᠡᠭᠴᠢ ᠪᠤᠯᠰᠠ᠂ ᠬᠤᠪᠢ | ᠬᠥᠮᠦᠨ ᠤ ᠵᠣᠯ ᠵᠢᠷᠭᠠᠯ ᠬᠡᠰᠡᠨ ᠴᠤ ᠲᠡᠷᠡ᠂ ᠨᠡᠶᠢᠭᠡᠮ ᠤᠨ ᠪᠦᠯᠬᠦᠮ ᠲᠡᠷᠡᠴᠢᠯᠡᠨ ᠪᠦᠬᠦ᠋ᠯᠡ ᠤᠯᠤᠰ ᠤᠨ ᠠᠷᠠᠳ | ᠲᠦᠮᠡᠨ ᠤ ᠠᠵᠠ ᠵᠢᠷᠭᠠᠯ ᠬᠡᠰᠡᠨ ᠴᠤ ᠲᠡᠷᠡ᠂ ᠴᠥᠮ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠥᠭᠵᠢᠯᠲᠡ ᠲᠠᠢ ᠨᠢᠭᠲᠠ | ᠬᠤᠯᠪᠣᠭ᠎ᠠ ᠲᠠᠢ ᠶᠤᠮ᠃ ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠬᠡᠪᠯᠡᠨ ᠲᠠᠷᠬᠠᠭᠠᠭᠰᠠᠨ ᠨᠢ ᠳᠡᠯᠡᠬᠡᠢ ᠨᠡᠶᠢᠭᠡᠮ ᠤᠨ ᠬᠢᠨ ᠤ ᠲᠡᠷᠢᠭᠦᠯᠡᠭᠴᠢ ᠰᠢ ᠶᠢᠨ ᠫᠢᠩ ᠤᠨ ᠬᠥᠮᠦᠨ ᠤ | ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠠᠵᠠ ᠲᠣᠬᠢᠶᠠᠯ ᠪᠤᠯᠵᠤ᠂ | ᠧᠦ᠋ᠷᠣᠫᠠ ᠲᠢᠪ ᠤᠨ ᠤᠯᠤᠰ ᠤᠳ ᠪᠤᠯᠤᠨ ᠳᠤᠮᠳᠠᠳᠤ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ | ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠢᠲᠡᠭᠡᠯᠴᠡᠭᠡ ᠶᠢ ᠭᠦᠨᠵᠡᠭᠡᠶᠢᠷᠡᠭᠦᠯᠵᠦ᠂ ᠬᠠᠷᠢᠯᠴᠠᠨ ᠬᠦᠨᠳᠦᠳᠭᠡᠬᠦ ᠪᠠ ᠨᠥᠬᠦᠷᠰᠡᠭ | ᠶᠠᠪᠤᠯᠴᠠᠭ᠎ᠠ ᠶᠢ ᠠᠬᠢᠭᠤᠯᠬᠤ ᠪᠣᠯᠤᠨ᠎ᠠ ᠭᠡᠵᠤ ᠦᠵᠡᠪᠡ᠃ | ᠢᠰᠫᠠᠨᠢ ᠶᠢᠨ ᠮᠠᠷᠺᠰ ᠤᠨ ᠦᠵᠡᠯ ᠤᠨ ᠰᠤᠳᠤᠯᠭᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠡᠷᠬᠢᠯᠡᠭᠴᠢ ᠰᠠᠩᠴᠢᠶᠤᠰ | ᠂ ᠳᠤᠮᠳᠠᠳᠤ ᠤᠯᠤᠰ ᠤᠨ ᠥᠩᠭᠡᠷᠡᠭᠰᠡᠨ ᠬᠡᠳᠦᠨ ᠠᠷᠪᠠᠨ ᠵᠢᠯ ᠤᠨ ᠬᠥᠭᠵᠢᠯᠲᠡ ᠶᠢᠨ ᠵᠠᠮ ᠵᠢᠴᠢ 21 ᠳ᠋ᠤᠭᠡᠷ ᠵᠠᠭᠤᠨ ᠤ | ᠪᠦᠬᠦ ᠪᠥᠮᠪᠥᠷᠴᠡᠭ ᠤᠨ ᠪᠠᠶᠢᠷᠢᠰᠢᠯ ᠳᠤᠮᠳᠠ ᠡᠳᠦᠷ ᠢᠷᠡᠬᠦᠶ᠎ᠡ ᠳᠤᠪᠤᠶᠢᠮ᠎ᠠ ᠪᠤᠯᠵᠤ ᠪᠠᠶᠢᠭ᠎ᠠ ᠨᠥᠯᠥᠭᠡᠯᠡᠬᠦ ᠬᠦᠴᠦᠨ ᠢ | ᠳᠡᠯᠡᠬᠡᠢ ᠨᠡᠶᠢᠭᠡᠮ ᠢᠶᠠᠷ ᠢᠶᠠᠨ ᠭᠦᠨᠵᠡᠭᠡᠢ ᠰᠤᠳᠤᠯᠵᠤ ᠨᠠᠷᠢᠨ ᠬᠢᠨᠠᠮᠠᠭᠠᠢ ᠰᠡᠳᠭᠢᠭᠦᠰᠢᠲᠡᠢ ᠶᠤᠮ ᠭᠡᠵᠦ ᠢᠯᠡᠳᠭᠡᠪᠡ᠃ | ᠲᠡᠭᠦᠨ ᠤ ᠦᠵᠡᠬᠦ ᠪᠠᠷ᠂ ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ | ᠲᠡᠭᠦᠪᠦᠷᠢ︾ ᠶᠢᠨ ᠬᠡᠪᠯᠡᠭᠳᠡᠭᠰᠡᠨ ᠨᠢ ᠳᠤᠮᠳᠠᠳᠤ ᠧᠦ᠋ᠷᠣᠫᠠ ᠶᠢᠨ ᠬᠥᠮᠦᠨ ᠤ ᠡᠷᠬᠡ ᠶᠢᠨ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠳᠤ ᠰᠢᠨ᠎ᠡ ᠲᠠᠪᠴᠠᠩ ᠬᠠᠩᠭᠠᠵᠠᠢ᠃ | ᠢᠰᠫᠠᠨᠢ ᠶᠢᠨ ᠵᠠᠯᠠᠭᠤ ᠣᠷᠴᠢᠭᠤᠯᠤᠭᠴᠢ ᠪᠦᠷᠠᠤᠤ᠂ ᠨᠢᠭᠡ ᠬᠥᠮᠦᠨ ᠳᠤᠮᠳᠠᠳᠤ ᠤᠯᠤᠰ ᠢ ᠵᠢᠩᠬᠢᠨᠢ ᠣᠶᠢᠯᠠᠭᠠᠪᠠᠯ᠂ ᠡᠨᠡ | ᠪᠣᠯ ᠨᠢᠬᠡᠨ ᠥᠨᠢ ᠤᠳᠠᠭᠠᠨ ᠲᠡᠦᠬᠡ ᠲᠠᠢ᠂ ᠨᠡᠶᠢᠭᠡᠮ ᠤᠨ ᠪᠠᠶᠢᠭᠤᠯᠤᠯ ᠨᠢ ᠥᠷᠥᠨᠡᠳᠠᠬᠢᠨ ᠤ ᠬᠢ ᠠᠴᠠ ᠪᠦᠷᠢᠮᠦᠰᠦᠨ | ᠣᠨᠳᠣᠣ ᠤᠯᠤᠰ ᠪᠣᠯᠬᠤ ᠶᠢ ᠣᠯᠵᠤ ᠮᠡᠳᠡᠬᠦ ᠶᠤᠮ᠃ ᠳᠤᠮᠳᠠᠳᠤ ᠤᠯᠤᠰ ᠥᠪᠡᠷ ᠤᠨ ᠪᠡᠶ᠎ᠡ ᠳᠡᠭᠡᠨ ᠲᠤᠬᠢᠷᠠᠭᠰᠠᠨ ᠵᠠᠮ ᠢ | ᠣᠯᠵᠤ᠂ ᠥᠪᠡᠷ ᠤᠨ ᠠᠷᠠᠳ ᠲᠦᠮᠡᠨ ᠳᠡᠭᠡᠨ ᠲᠤᠬᠢᠷᠠᠭᠰᠠᠨ ᠵᠠᠮ ᠢ ᠡᠷᠢᠵᠦ ᠣᠯᠵᠠᠢ ᠭᠡᠪᠡ᠃ ᠲᠡᠷᠡ ᠪᠠᠰᠠ᠂ ᠳᠤᠮᠳᠠᠳᠤ | ᠤᠯᠤᠰ ᠤᠨ ᠲᠡᠦᠬᠡᠨ ᠠᠬᠤᠶ ᠪᠠᠶᠢᠳᠠᠯ᠂ ᠤᠯᠤᠰ ᠤᠨ ᠪᠤᠳᠠᠳᠤ ᠪᠠᠶᠢᠳᠠᠯ ᠪᠣᠯᠤᠨ ᠰᠣᠶᠣᠯ ᠤᠨ ᠤᠯᠠᠮᠵᠢᠯᠠᠯ ᠠᠴᠠ ᠡᠭᠦᠰᠴᠦ᠂ | ᠡᠨᠡ ᠬᠦ ᠨᠤᠲᠤᠭ ᠳᠡᠪᠢᠰᠭᠡᠷ ᠳᠡᠭᠡᠷᠡᠬᠢ ᠠᠷᠠᠳ ᠲᠦᠮᠡᠨ ᠪᠣᠯᠤᠨ ᠲᠡᠭᠦᠨ ᠤ ᠨᠠᠨᠳᠢᠩᠨᠠᠨ ᠦᠵᠡᠵᠦ ᠪᠠᠶᠢᠭ᠎ᠠ ᠥᠷᠲᠡᠭ ᠤᠨ | ᠦᠵᠡᠯᠲᠡ ᠶᠢ ᠣᠶᠢᠯᠠᠭᠠᠬᠤ ᠬᠡᠷᠡᠭᠲᠡᠶ ᠭᠡᠪᠡ᠃ | ︽ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢᠨ | ᠬᠢᠲᠠᠳ ᠬᠡᠯᠡᠨ ᠤ ᠬᠡᠪᠯᠡᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ | ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ 9 ᠲᠤᠰᠬᠠᠢ ᠰᠡᠳᠦᠪ ᠬᠤᠪᠢᠶᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠬᠥᠮᠦᠨ ᠤ ᠡᠷᠬᠡ ᠶᠢ ᠬᠦᠨᠳᠦᠳᠭᠡᠨ ᠪᠠᠲᠤᠯᠠᠬᠤ ᠶᠢᠨ ᠲᠤᠭᠤᠷᠢᠨ ᠳᠤ ᠨᠡᠶᠢᠳᠡᠯᠡᠭᠰᠡᠨ ᠠᠯᠢ | ᠤᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠢᠩᠭᠡᠭᠡᠨ ᠤᠷᠤᠭᠤᠯᠪᠠ᠃ ᠲᠤᠰ ᠨᠣᠮ ᠤᠨ ᠠᠩᠭ᠍ᠯᠢ ᠬᠢᠳᠠᠳ᠂ ᠢᠰᠫᠠᠨᠢ | ᠬᠢᠳᠠᠳ᠂ ᠹᠷᠠᠨᠼᠢ ᠬᠢᠳᠠᠳ᠂ ᠤᠷᠤᠰ ᠬᠢᠳᠠᠳ᠂ ᠶᠠᠫᠤᠨ ᠬᠢᠳᠠᠳ ᠬᠡᠯᠡᠨ ᠤ ᠬᠠᠷᠢᠴᠠᠭᠤᠯᠤᠭᠰᠠᠨ ᠬᠡᠪᠯᠡᠯ ᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠠᠴᠠ ᠣᠷᠴᠢᠭᠤᠯᠵᠤ᠂ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠪᠡ᠃ | ︵ᠰᠢᠨᠬᠤᠸᠠ ᠬᠤᠷᠢᠶ᠎ᠠ ᠶᠢᠨ ᠮᠠᠳ᠋ᠷᠢᠳ᠋ ᠤᠨ 6 ᠰᠠᠷ᠎ᠠ ᠶᠢᠨ 27 ᠤ ᠴᠠᠬᠢᠯᠭᠠᠨ ᠮᠡᠳᠡᠭᠡ︶ |