ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ | ᠪᠡᠭᠡᠵᠢᠩ ᠳᠤ ᠠᠽᠢᠶ᠎ᠠ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠠᠷᠪᠠᠳᠤᠭᠠᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠤᠨ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠯᠢ ᠴᠢᠶᠠᠩ ᠢᠯᠡᠷᠬᠡᠶᠢᠯᠡᠬᠦ ᠳᠤ ᠪᠠᠨ᠂ ᠲᠡᠷᠢᠭᠦᠯᠡᠭᠴᠢ ᠰᠢ ᠶᠢᠨ ᠫᠢᠩ ᠠᠽᠢᠶ᠎ᠠ ᠶᠢᠨ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠤᠯᠲᠠ ᠶᠢᠨ ᠪᠠᠩᠬᠢ ᠪᠠᠶᠢᠭᠤᠯᠤᠭᠳᠠᠭᠰᠠᠨ ᠤ ᠡᠬᠢᠨ ᠢᠶᠠᠷ ᠠᠽᠢᠶ᠎ᠠ ᠶᠢᠨ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠤᠯᠲᠠ ᠶᠢᠨ ᠪᠠᠩᠬᠢ ᠶᠢ ᠲᠤᠰᠬᠠᠢ ᠮᠡᠷᠭᠡᠵᠢᠯ ᠤᠨ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠰᠢᠨ᠎ᠡ | ᠮᠠᠶ᠋ᠢᠭ ᠤᠨ ᠣᠯᠠᠨ ᠲᠠᠯᠠᠲᠤ ᠬᠥᠭᠵᠢᠭᠦᠯᠦᠯᠲᠡ ᠶᠢᠨ ᠪᠠᠩᠬᠢ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠪᠠ᠃ 10 | ᠵᠢᠯ ᠤᠨ ᠲᠤᠷᠰᠢ᠂ ᠪᠦᠬᠦ ᠭᠡᠰᠢᠭᠦᠳ ᠤᠨ ᠬᠠᠮᠲᠤ ᠶᠢᠨ ᠳᠡᠮᠵᠢᠯᠭᠡ ᠪᠠ ᠴᠢᠷᠮᠠᠶᠢᠯᠭ᠎ᠠ ᠪᠠᠷ᠂ ᠠᠽᠢᠶ᠎ᠠ ᠶᠢᠨ ᠰᠠᠭᠤᠷᠢ | ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠤᠭ ᠰᠠᠨᠠᠭ᠎ᠠ ᠪᠠᠨ ᠪᠠᠲᠤ ᠰᠠᠬᠢᠵᠤ᠂ ᠰᠢᠨ᠎ᠡ ᠶᠢ ᠡᠭᠦᠳᠦᠨ | ᠤᠷᠤᠭᠰᠢᠯᠠᠵᠤ᠂ ᠭᠡᠰᠢᠭᠦᠳ ᠨᠢ 57 ᠪᠠᠶᠢᠭᠰᠠᠨ ᠠᠴᠠ ᠪᠠᠨ 110 ᠪᠣᠯᠣᠨ ᠥᠷᠭᠡᠳᠴᠦ᠂ ᠠᠵᠢᠯ ᠦᠢᠯᠡᠰ ᠨᠢ | ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠲᠤᠰᠬᠠᠢ ᠮᠡᠷᠭᠡᠵᠢᠯ ᠤᠨ ᠪᠣᠳᠠᠲᠠᠢ ᠶᠢ ᠡᠷᠬᠢᠮᠯᠡᠭᠰᠡᠨ ᠰᠠᠶᠢᠨ ᠰᠠᠶᠢᠬᠠᠨ | ᠳᠦᠷᠢ ᠲᠥᠷᠬᠦ ᠶᠢ ᠪᠤᠢ ᠪᠣᠯᠭᠠᠵᠤ᠂ ᠡᠯ᠎ᠡ ᠭᠡᠰᠢᠭᠦᠳ ᠤᠨ ᠬᠠᠮᠲᠤ ᠶᠢᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ | ᠨᠡᠮᠡᠷᠢᠯᠡᠵᠦ᠂ ᠪᠦᠬᠦ ᠪᠥᠮᠪᠥᠷᠴᠡᠭ ᠤᠨ ᠮᠥᠩᠭᠦᠨ ᠭᠦᠢᠯᠭᠡᠭᠡᠨ ᠤ ᠵᠠᠰᠠᠯᠲᠠ ᠳᠤ ᠰᠢᠨ᠎ᠡ ᠬᠡᠪ ᠵᠠᠭᠪᠤᠷ ᠢ ᠥᠷᠭᠡᠳᠬᠡᠵᠦ᠂ | ᠤᠯᠠᠨ ᠤᠯᠤᠰ ᠤᠨ ᠤᠯᠠᠨ ᠲᠠᠯᠠᠲᠤ ᠬᠠᠮᠲᠤᠷᠠᠯᠴᠠᠭ᠎ᠠ ᠳᠤ ᠰᠢᠨ᠎ᠡ ᠬᠡᠪ ᠳᠠᠭᠤᠷᠢᠶᠠᠯ ᠢ ᠪᠤᠢ ᠪᠣᠯᠭᠠᠭᠰᠠᠨ ᠪᠠᠶᠢᠨ᠎ᠠ ᠭᠡᠵᠡᠢ᠃ | ᠯᠢ ᠴᠢᠶᠠᠩ ᠠᠽᠢᠶ᠎ᠠ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠢᠷᠡᠭᠡᠳᠦᠢ ᠶᠢᠨ | ᠬᠥᠭᠵᠢᠯᠲᠡ ᠳᠤ ᠭᠤᠷᠪᠠᠨ ᠬᠦᠰᠡᠯᠲᠡ ᠳᠤᠷᠠᠳᠴᠠᠢ᠃ ᠨᠢᠭᠡ ᠳᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ | ᠬᠦᠴᠢᠷᠳᠡᠯ ᠤᠨ ᠡᠮᠦᠨ᠎ᠡ᠂ ᠭᠡᠰᠢᠭᠦᠳ ᠤᠨ ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠡᠩ ᠬᠦᠴᠦᠲᠡᠢ | ᠳᠡᠮᠵᠢᠨ᠎ᠡ᠃ ᠭᠡᠰᠢᠭᠦᠳ ᠤᠨ ᠠᠳᠠᠯᠢ ᠪᠤᠰᠤ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠴᠢᠨᠠᠷ ᠰᠠᠶᠢᠲᠠᠢ᠂ | ᠥᠪᠡᠷ ᠤᠨ ᠦᠷᠳᠡᠭ ᠢᠶᠠᠷ ᠳᠣᠣᠷ᠎ᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠵᠤ᠂ ᠭᠡᠰᠢᠭᠦᠳ ᠢ ᠬᠠᠪᠰᠤᠷᠴᠤ | ᠪᠠᠶᠢᠭᠠᠳ ᠮᠡᠷᠭᠡᠵᠢᠯ ᠤᠨ ᠲᠤᠷᠰᠢᠯᠭ᠎ᠠ ᠪᠠᠨ ᠬᠤᠪᠢᠶᠠᠯᠴᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠨᠢ | ᠴᠢᠩᠭᠠᠷᠠᠭᠤᠯᠤᠶ᠎ᠠ᠃ ᠬᠤᠶᠠᠷ ᠲᠤ᠂ ᠠᠵᠤ ᠠᠬᠤᠢ ᠠᠷᠠᠯᠵᠢᠶᠠᠨ ᠤ ᠲᠥᠯᠥᠪ ᠪᠠᠶᠢᠳᠠᠯ ᠢ ᠳᠠᠬᠢᠨᠲᠠ ᠪᠤᠢ ᠪᠣᠯᠭᠠᠭᠰᠠᠨ | ᠪᠠᠶᠢᠳᠠᠯ ᠤᠨ ᠡᠮᠦᠨ᠎ᠡ᠂ ᠤᠯᠠᠨ ᠤᠯᠤᠰ ᠤᠨ ᠶᠠᠷᠢᠯᠴᠠᠭ᠎ᠠ ᠰᠣᠯᠢᠯᠴᠠᠭ᠎ᠠ ᠬᠠᠮᠵᠢᠯᠴᠠᠭ᠎ᠠ ᠶᠢ ᠨᠡᠩ ᠶᠡᠭᠡ ᠬᠡᠪᠴᠢᠶ᠎ᠡ ᠪᠠᠷ | ᠨᠡᠮᠡᠭᠳᠡᠭᠦᠯᠦᠨ᠎ᠡ᠃ ᠨᠡᠭᠡᠭᠡᠯᠲᠡᠲᠤ ᠣᠷᠣᠨ ᠪᠦᠰᠡ ᠶᠢᠨ ᠦᠵᠡᠯ ᠢ ᠪᠠᠷᠢᠮᠲᠠᠯᠠᠵᠤ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ | ᠡᠯ᠎ᠡ ᠤᠯᠤᠰ ᠤᠨ ᠬᠤᠭᠤᠷᠣᠨᠳᠣᠬᠢ ᠬᠤᠯᠪᠣᠯᠳᠤᠨ ᠨᠡᠪᠲᠡᠷᠡᠯᠴᠡᠬᠦ ᠪᠠ ᠣᠯᠣᠯᠴᠠᠬᠤ ᠶᠢ ᠠᠬᠢᠭᠤᠯᠵᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ | ᠵᠡᠷᠭᠡ ᠯᠦᠭᠡ ᠵᠣᠯᠭᠠᠭᠤᠯᠬᠤ ᠶᠢ ᠴᠢᠩᠭᠠᠳᠬᠠᠶ᠎ᠠ᠃ ᠭᠤᠷᠪᠠ ᠳᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠥᠷᠢᠰᠦᠯᠳᠦᠭᠡᠨ ᠤ | ᠡᠮᠦᠨ᠎ᠡ᠂ ᠲᠤᠰ ᠪᠡᠶ᠎ᠡ ᠶᠢᠨ ᠰᠢᠨ᠎ᠡ ᠬᠡᠯᠪᠡᠷᠢ ᠶᠢᠨ ᠤᠯᠠᠨ ᠲᠠᠯᠠᠲᠤ ᠲᠠᠪᠴᠠᠩ ᠤᠨ ᠴᠢᠳᠠᠮᠵᠢ ᠪᠠᠨ ᠨᠡᠩ ᠰᠠᠶᠢᠲᠤᠷ | ᠪᠠᠳᠠᠷᠠᠭᠤᠯᠤᠨ᠎ᠠ᠃ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠢᠮᠠᠭᠲᠠ | ᠦᠢᠯᠡᠳᠦᠯᠭᠡᠵᠢᠭᠦᠯᠵᠦ᠂ ᠤᠯᠠᠨ ᠤᠯᠤᠰ ᠤᠨ᠂ ᠵᠢᠷᠤᠮᠵᠢᠭᠤᠨ ᠪᠠ ᠥᠨᠳᠥᠷ ᠪᠠᠷᠢᠮᠵᠢᠶ᠎ᠠ ᠶᠢ ᠪᠠᠷᠢᠮᠲᠠᠯᠠᠵᠤ᠂ ᠳᠣᠲᠣᠭᠠᠳᠤ ᠶᠢᠨ | ᠵᠠᠰᠠᠯᠲᠠ ᠶᠢᠨ ᠪᠦᠲᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠠᠨ ᠲᠠᠯ᠎ᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠦᠷᠢᠮ ᠢ ᠴᠢᠩᠭᠠᠳᠬᠠᠵᠤ᠂ ᠦᠢᠯᠡᠳᠬᠦᠨ ᠪᠠ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠪᠦᠬᠦ | ᠪᠥᠮᠪᠥᠷᠴᠡᠭ ᠤᠨ ᠨᠡᠩ ᠲᠥᠪ ᠭᠤᠣᠯᠴᠢ ᠵᠦᠢ ᠵᠣᠬᠢᠰᠲᠠᠢ ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ | ᠪᠦᠬᠦ ᠭᠡᠰᠢᠭᠦᠳ ᠤᠨ ᠣᠷᠣᠯᠴᠠᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠦᠶ᠎ᠡ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠡᠨᠡ ᠵᠢᠯ ᠳᠤᠮᠳᠠᠳᠤ ᠤᠯᠤᠰ ᠤᠨ ᠠᠵᠤ ᠠᠬᠤᠢ ᠭᠠᠳᠠᠭᠠᠳᠤ | ᠳᠠᠭᠠᠷᠢᠯᠲᠠ ᠳᠤ ᠲᠤᠯᠭᠠᠷᠠᠭᠰᠠᠨ ᠴᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠢᠷᠡᠭᠡᠳᠦᠢ ᠳᠠᠬᠢ | ᠳᠤᠮᠳᠠᠳᠤ ᠤᠯᠤᠰ ᠤᠨ ᠠᠵᠤ ᠠᠬᠤᠢ ᠮᠥᠨ ᠯᠡ ᠳᠡᠯᠡᠬᠡᠢ ᠶᠢᠨ ᠠᠵᠤ ᠠᠬᠤᠢ ᠶᠢᠨ ᠬᠥᠪᠥᠷᠡᠯ ᠤᠨ ᠬᠥᠷᠥᠰᠥ ᠰᠢᠷᠣᠢ ᠪᠣᠯᠬᠤ | ᠶᠤᠮ᠃ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠤᠨ ᠪᠠᠭᠲᠠᠭᠠᠮᠵᠢ ᠪᠠᠨ ᠥᠷᠭᠡᠳᠬᠡᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠪᠠᠷ ᠦᠷᠭᠦᠯᠵᠢᠯᠡᠨ ᠯᠤᠲᠤ ᠶᠡᠭᠡ ᠠᠰᠢᠭ ᠣᠯᠵᠠᠪᠤᠷᠢ ᠭᠠᠷᠭᠠᠵᠤ᠂ ᠡᠯ᠎ᠡ ᠤᠯᠤᠰ ᠲᠤ ᠨᠡᠩ ᠤᠯᠠᠨ | ᠠᠷᠠᠯᠵᠢᠶ᠎ᠠ ᠪᠡᠯᠡ ᠣᠷᠣᠭᠤᠯᠤᠯᠲᠠ ᠶᠢᠨ ᠲᠣᠬᠢᠶᠠᠯ ᠠᠪᠴᠢᠷᠠᠬᠤ ᠪᠣᠯᠣᠨ᠎ᠠ᠃ ︽ᠳᠤᠮᠳᠠᠳᠤ ᠳᠤ ᠦᠢᠯᠡᠳᠪᠦᠷᠢᠯᠡᠭᠰᠡᠨ︾ ᠢ ︽ | ᠳᠤᠮᠳᠠᠳᠤ ᠳᠤ ᠡᠭᠦᠳᠦᠭᠰᠡᠨ︾ ᠲᠡᠶᠢᠰᠢ ᠲᠦᠷᠭᠡᠨ ᠬᠤᠪᠢᠷᠠᠭᠤᠯᠵᠤ᠂ ᠬᠤᠳᠠᠯᠳᠤᠭᠠᠨ ᠤ ᠠᠮᠢ ᠠᠬᠤᠢ ᠦᠳᠲᠡᠷ | ᠰᠣᠯᠢᠭᠳᠠᠵᠤ᠂ ᠴᠣ ᠰᠢᠨ᠎ᠡ ᠨᠡᠮᠡᠭᠳᠡᠯ ᠤᠨ ᠣᠷᠣᠨ ᠵᠠᠢ ᠶᠢ ᠳᠠᠰᠤᠷᠠᠯᠳᠠ ᠦᠭᠡᠢ ᠨᠡᠭᠡᠭᠡᠬᠦ ᠪᠣᠯᠣᠨ᠎ᠠ᠃ ᠳᠤᠮᠳᠠᠳᠤ ᠤᠯᠤᠰ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠡᠷᠡᠰ ᠭᠤᠶᠢᠪᠢᠰᠢ ᠦᠭᠡᠢ ᠥᠷᠭᠡᠳᠬᠡᠵᠦ᠂ ᠳᠡᠯᠡᠬᠡᠢ ᠶᠢᠨ ᠠᠵᠤ | ᠠᠬᠤᠢ ᠳᠤ ᠦᠷᠭᠦᠯᠵᠢᠯᠡᠨ ᠭᠦᠨᠵᠡᠭᠡᠢ ᠠᠭᠤᠰᠴᠤ᠂ ᠡᠯ᠎ᠡ ᠤᠯᠤᠰ ᠤᠨ ᠬᠥᠭᠵᠢᠯᠲᠡ ᠳᠤ ᠰᠢᠨ᠎ᠡ ᠲᠣᠬᠢᠶᠠᠯ ᠠᠪᠴᠢᠷᠠᠨ᠎ᠠ᠃ | ᠳᠤᠮᠳᠠᠳᠤ ᠶᠢᠨ ᠲᠠᠯ᠎ᠠ ᠳᠤᠷᠠᠲᠠᠶ᠎ᠠ ᠡᠯ᠎ᠡ ᠲᠠᠯ᠎ᠠ ᠯᠤᠭ᠎ᠠ ᠠᠽᠢᠶ᠎ᠠ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ | ᠪᠠᠩᠬᠢ ᠶᠢᠨ ᠭᠡᠷᠡᠯ ᠰᠠᠴᠤᠷᠠᠩᠭᠤᠢ ᠰᠢᠨ᠎ᠡ ᠠᠷᠪᠠᠨ ᠵᠢᠯ ᠢ ᠡᠬᠢᠯᠡᠭᠦᠯᠬᠦ ᠶᠢ ᠭᠠᠷ ᠬᠤᠯᠪᠣᠨ ᠳᠡᠮᠵᠢᠵᠦ᠂ ᠭᠡᠰᠢᠭᠦᠳ ᠤᠨ | ᠦᠷᠭᠦᠯᠵᠢᠯᠡᠨ ᠬᠥᠭᠵᠢᠬᠦ ᠶᠢ ᠠᠬᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠪᠥᠭᠡᠳ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃ | ᠦ᠋ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | |