ᠰᠢᠨᠬᠤᠸᠠ ᠬᠤᠷᠢᠶᠠᠨ ᠤ ᠲᠢᠶᠠᠨᠵᠢᠨ ᠤ 6 ᠳ᠋ᠤᠭᠠᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ 6 ᠳ᠋ᠤᠭᠠᠷ | ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠢᠶᠠᠨᠵᠢᠨ ᠳᠤ 2025 ᠣᠨ ᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ | ᠲᠠᠪᠴᠠᠩ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠡᠺᠦ᠋ᠸᠠᠳᠣᠷ ᠤᠨ ᠶᠡᠷᠦᠩᠬᠡᠶᠢᠯᠡᠭᠴᠢ ᠨᠣᠪᠣᠸᠠ᠂ | ᠰᠢᠩᠭᠠᠫᠤᠷ ᠤᠨ ᠶᠡᠷᠦᠩᠬᠡᠢ ᠰᠠᠶᠢᠳ ᠬᠤᠸᠠᠩ ᠰᠢᠶᠦ᠋ᠨ ᠼᠠᠢ᠂ ᠺᠢᠷᠬᠢᠽᠰᠲ᠋ᠠᠨ ᠤ ᠶᠡᠷᠦᠩᠬᠡᠢ ᠰᠠᠶᠢᠳ ᠺᠠᠰᠢᠮᠠᠯᠢᠶ᠋ᠸᠧ᠂ | ᠰᠧᠨᠧᠭᠠᠯ ᠤᠨ ᠶᠡᠷᠦᠩᠬᠡᠢ ᠰᠠᠶᠢᠳ ᠰᠣᠩᠺᠤ᠂ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠵᠢᠴᠢ 90 ᠭᠠᠷᠤᠢ | ᠤᠯᠤᠰ ᠪᠠ ᠭᠠᠵᠠᠷ ᠣᠷᠣᠨ ᠠᠴᠠ ᠢᠷᠡᠭᠰᠡᠨ ᠡᠯ᠎ᠡ ᠡᠲᠡᠭᠡᠳ ᠤᠨ 1700 ᠭᠠᠷᠤᠢ ᠲᠥᠯᠥᠭᠡᠯᠡᠭᠴᠢᠳ ᠣᠷᠣᠯᠴᠠᠪᠠ᠃ | ᠯᠢ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠥᠯᠥᠪ | ᠪᠠᠶᠢᠳᠠᠯ ᠳᠤ ᠶᠠᠭ ᠭᠦᠨᠵᠡᠭᠡᠢ ᠬᠤᠪᠢᠷᠠᠯᠲᠠ ᠭᠠᠷᠴᠤ ᠪᠠᠶᠢᠨ᠎ᠠ᠃ ᠠᠵᠤ ᠠᠬᠤᠢ ᠠᠷᠠᠯᠵᠢᠶᠠᠨ ᠤ ᠲᠣᠭᠲᠠᠯᠴᠠᠭ᠎ᠠ ᠤᠯᠠᠮ ᠢᠶᠠᠷ | ᠤᠯᠠᠨ ᠡᠰᠢᠵᠢᠬᠦ ᠲᠡᠶᠢᠰᠢ ᠬᠠᠨᠳᠤᠵᠤ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠦᠴᠦᠨ ᠲᠦᠷᠭᠡᠨ | ᠳᠡᠭᠵᠢᠷᠡᠵᠦ ᠪᠣᠢ︔ ᠤᠯᠠᠮᠵᠢᠯᠠᠯᠲᠤ ᠠᠷᠠᠯᠵᠢᠶᠠᠨ ᠤ ᠨᠡᠮᠡᠭᠳᠡᠯ ᠤᠳᠠᠭᠠᠰᠢᠷᠠᠵᠤ᠂ ᠰᠢᠨ᠎ᠡ ᠪᠠᠷ ᠮᠠᠨᠳᠤᠵᠤ ᠪᠠᠶᠢᠭ᠎ᠠ ᠠᠷᠠᠯᠵᠢᠶ᠎ᠠ | ᠰᠥᠷᠭᠡᠦ ᠨᠡᠮᠡᠭᠳᠡᠯ ᠲᠠᠢ ᠪᠣᠯᠪᠠ︔ ᠪᠦᠬᠦ ᠪᠥᠮᠪᠥᠷᠴᠡᠭ ᠤᠨ ᠴᠢᠨᠠᠷᠲᠠᠢ ᠲᠣᠭᠲᠠᠴᠠ ᠳᠠᠭᠠᠷᠢᠯᠲᠠ ᠳᠤ ᠤᠴᠠᠷᠠᠵᠤ᠂ ᠣᠷᠣᠨ | ᠪᠦᠰᠡ ᠶᠢᠨ ᠬᠠᠮᠵᠢᠯᠴᠠᠭ᠎ᠠ ᠡᠳᠦᠷ ᠢᠷᠡᠬᠦᠶ᠎ᠡ ᠨᠡᠮᠡᠭᠳᠡᠵᠦ ᠪᠣᠢ︔ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠶᠢᠨ | ᠬᠡᠯᠪᠡᠯᠵᠡᠨ ᠪᠠᠭᠤᠷᠠᠵᠤ᠂ ᠦᠢᠯᠡᠳᠪᠦᠷᠢᠯᠡᠯ ᠪᠠ ᠬᠠᠩᠭᠠᠯᠭ᠎ᠠ ᠶᠢᠨ ᠬᠡᠯᠬᠢᠶ᠎ᠡ ᠶᠢᠨ ᠬᠡᠮᠬᠡᠷᠡᠬᠦ ᠲᠦᠭᠰᠢᠭᠦᠷᠢ ᠳᠡᠭᠡᠭᠰᠢᠯᠡᠵᠦ ᠪᠣᠢ᠃ | ᠪᠢᠳᠡ ᠵᠥᠪ ᠵᠠᠮ ᠪᠠ ᠶᠡᠭᠡ ᠬᠠᠨᠳᠤᠰᠢ ᠶᠢ ᠲᠠᠭᠠᠵᠤ᠂ ᠤᠶᠤᠨ ᠤᠬᠠᠭᠠᠨ ᠭᠠᠷᠭᠠᠬᠤ ᠪᠥᠭᠡᠳ ᠬᠠᠷᠢᠭᠤᠴᠠᠯᠭ᠎ᠠ ᠡᠭᠦᠷᠭᠡᠯᠡᠵᠦ᠂ | ᠢᠳᠡᠪᠬᠢᠲᠡᠢ ᠣᠪᠣᠷ ᠪᠠ ᠪᠦᠲᠦᠭᠡᠯᠴᠢ ᠴᠢᠨᠠᠷᠲᠠᠢ ᠠᠵᠢᠯᠯᠠᠭ᠎ᠠ ᠠᠪᠴᠤ᠂ ᠲᠦᠭᠡᠮᠡᠯ ᠬᠦᠷᠲᠡᠭᠡᠮᠵᠢᠲᠡᠢ ᠪᠥᠭᠡᠳ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠴᠢᠯᠦᠭᠡᠲᠦ ᠠᠷᠠᠯᠵᠢᠶ᠎ᠠ | ᠪᠠ ᠤᠯᠠᠨ ᠲᠠᠯᠠᠲᠤ ᠦᠵᠡᠯ ᠢ ᠬᠠᠮᠠᠭᠠᠯᠠᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ | ᠬᠡᠷᠡᠭᠲᠡᠢ᠃ ᠨᠢᠭᠡ ᠳᠤ ᠡᠷᠬᠡ ᠲᠡᠭᠰᠢ ᠵᠥᠪᠳᠡᠯᠴᠡᠬᠦ ᠪᠠᠷ ᠵᠥᠷᠢᠴᠡᠯ ᠵᠥᠷᠢᠯᠳᠦᠭᠡᠨ ᠢ ᠰᠢᠢᠳᠪᠦᠷᠢᠯᠡᠨ᠎ᠡ᠃ ᠳᠤᠮᠳᠠᠳᠤ ᠤᠯᠤᠰ | ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠦᠷᠭᠦᠯᠵᠢᠯᠡᠨ ᠴᠢᠷᠮᠠᠶᠢᠵᠤ᠂ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠶᠢᠨ ᠢᠲᠡᠭᠡᠯᠴᠡᠭᠡ ᠶᠢᠨ ᠰᠠᠭᠤᠷᠢ ᠶᠢ ᠪᠠᠲᠤᠳᠬᠠᠨ᠎ᠠ᠃ ᠬᠤᠶᠠᠷ ᠲᠤ ᠬᠠᠷᠢᠯᠴᠠᠨ ᠠᠰᠢᠭ | ᠬᠦᠷᠲᠡᠭᠡᠵᠦ ᠬᠠᠮᠲᠤᠷᠠᠨ ᠠᠵᠢᠯᠯᠠᠬᠤ ᠶᠠᠪᠤᠴᠠ ᠳᠤ ᠬᠠᠮᠲᠤ ᠶᠢᠨ ᠠᠰᠢᠭ ᠲᠤᠰᠠ ᠪᠠᠨ ᠬᠠᠮᠠᠭᠠᠯᠠᠨ᠎ᠠ᠃ ᠳᠤᠮᠳᠠᠳᠤ ᠤᠯᠤᠰ | ᠦᠷᠭᠦᠯᠵᠢᠯᠡᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ BRICS᠂ ᠬᠤᠷᠢᠨ ᠤᠯᠤᠰ ᠤᠨ | ᠪᠦᠯᠦᠭᠯᠡᠯ ᠵᠡᠷᠭᠡ ᠤᠯᠠᠨ ᠲᠠᠯ᠎ᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠭᠤᠷᠪᠠ ᠳᠤ ᠨᠡᠮᠡᠭᠳᠡᠯ ᠤᠨ ᠬᠡᠮᠵᠢᠶ᠎ᠡ ᠶᠢ | ᠥᠷᠭᠡᠳᠬᠡᠬᠦ ᠶᠠᠪᠤᠴᠠ ᠳᠤ ᠬᠠᠷᠢᠯᠴᠠᠨ ᠠᠮᠵᠢᠯᠲᠠ ᠪᠦᠲᠦᠮᠵᠢ ᠣᠯᠬᠤ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ | ᠡᠯ᠎ᠡ ᠤᠯᠤᠰ ᠯᠤᠭ᠎ᠠ ᠶᠢᠨ ᠠᠵᠤ ᠦᠢᠯᠡᠰ ᠤᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠠᠮᠲᠤᠷᠠᠯᠴᠠᠭ᠎ᠠ ᠶᠢᠨ ᠲᠥᠷᠥᠯ ᠵᠦᠢᠯ ᠢᠶᠠᠨ ᠨᠡᠮᠡᠭᠳᠡᠭᠦᠯᠦᠨ ᠶᠡᠬᠡᠰᠬᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠨ᠎ᠡ ᠭᠡᠵᠡᠢ᠃ | ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠦᠷᠭᠦᠯᠵᠢᠯᠡᠨ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠲᠤ | ᠢᠳᠡᠪᠬᠢᠲᠡᠢ ᠠᠭᠤᠰᠤᠨ ᠣᠷᠣᠵᠤ᠂ ᠳᠡᠯᠡᠬᠡᠢ ᠶᠢᠨ ᠠᠵᠤ ᠠᠬᠤᠢ ᠶᠢᠨ ᠬᠡᠷᠡᠭᠴᠡᠭᠡ ᠳᠤ ᠳᠤᠮᠳᠠᠳᠤ ᠤᠯᠤᠰ ᠤᠨ ᠠᠵᠤ | ᠠᠬᠤᠢ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠤᠯᠠᠨ ᠵᠢᠯ ᠤᠨ ᠲᠤᠷᠰᠢ᠂ ᠳᠤᠮᠳᠠᠳᠤ ᠤᠯᠤᠰ ᠤᠨ ᠠᠵᠤ ᠠᠬᠤᠢ ᠨᠢ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠣᠯᠵᠤ ᠪᠠᠶᠢᠳᠠᠭ ᠤᠨ ᠤᠴᠢᠷ ᠭᠡᠪᠡᠯ ᠲᠤᠰ | ᠪᠡᠶ᠎ᠡ ᠶᠢᠨ ᠲᠣᠭᠲᠠᠭᠤᠨ ᠴᠢᠨᠠᠷ ᠪᠠ ᠥᠨᠳᠥᠷ ᠥᠰᠦᠯᠲᠡᠲᠦ ᠴᠢᠨᠠᠷ ᠲᠠᠢ ᠪᠠᠶᠢᠳᠠᠭ ᠪᠠᠶᠢᠬᠤ ᠪᠠᠷ ᠪᠠᠷᠠᠬᠤ ᠦᠭᠡᠢ ᠪᠠᠰᠠ | ᠳᠤᠮᠳᠠᠳᠤ ᠤᠯᠤᠰ ᠤᠨ ᠠᠵᠤ ᠠᠬᠤᠢ ᠶᠢᠨ ᠨᠡᠭᠡᠭᠡᠯᠲᠡᠲᠤ ᠴᠢᠨᠠᠷ ᠪᠠ ᠳᠡᠯᠡᠬᠡᠢ ᠶᠢᠨ ᠠᠵᠤ ᠠᠬᠤᠢ ᠯᠤᠭ᠎ᠠ ᠶᠢᠨ ᠬᠤᠯᠪᠣᠭᠠᠯᠠᠨ | ᠬᠥᠳᠡᠯᠦᠯᠴᠡᠬᠦ ᠴᠢᠨᠠᠷ ᠪᠠᠶᠢᠳᠠᠭ ᠪᠠᠶᠢᠭ᠎ᠠ ᠶᠤᠮ᠃ ᠳᠤᠮᠳᠠᠳᠤ ᠤᠯᠤᠰ ᠤᠨ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠪᠣᠯᠣᠨ᠎ᠠ᠃ ᠳᠤᠮᠳᠠᠳᠤ ᠤᠯᠤᠰ ᠤᠨ ᠵᠠᠬ᠎ᠠ ᠳᠡᠯᠭᠡᠭᠦᠷ ᠦᠷᠭᠦᠯᠵᠢᠯᠡᠨ ᠪᠠᠭᠲᠠᠭᠠᠮᠵᠢ ᠪᠠᠨ ᠥᠷᠭᠡᠳᠬᠡᠨ ᠴᠢᠨᠠᠷ ᠢᠶᠠᠨ | ᠳᠡᠭᠡᠭᠰᠢᠯᠡᠭᠦᠯᠵᠦ᠂ ᠳᠡᠯᠡᠬᠡᠢ ᠶᠢᠨ ᠠᠵᠤ ᠠᠬᠤᠢ ᠠᠷᠠᠯᠵᠢᠶᠠᠨ ᠤ ᠤᠷᠤᠭᠤᠳᠠᠯ ᠢ ᠬᠤᠪᠢᠷᠠᠭᠤᠯᠬᠤ ᠳᠤ ᠨᠡᠮᠡᠭᠳᠡᠯ ᠤᠨ ᠣᠷᠣᠨ | ᠵᠠᠢ ᠡᠭᠦᠳᠴᠦ ᠥᠭᠭᠦᠨ᠎ᠡ᠃ ᠳᠤᠮᠳᠠᠳᠤ ᠤᠯᠤᠰ ᠤᠨ ᠰᠢᠨ᠎ᠡ ᠡᠭᠦᠳᠦᠯᠲᠡ ᠦᠷᠭᠦᠯᠵᠢᠯᠡᠨ ᠰᠢᠪᠲᠤᠯᠤᠯᠲᠠ ᠲᠠᠢ ᠪᠣᠯᠵᠤ᠂ | ᠪᠦᠬᠦ ᠪᠥᠮᠪᠥᠷᠴᠡᠭ ᠤᠨ ᠬᠥᠭᠵᠢᠯᠲᠡ ᠳᠠᠬᠢ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠠᠶᠢᠳᠠᠯ ᠠᠴᠠ ᠨᠢ | ᠠᠩᠭᠢᠵᠢᠷᠠᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠲᠤᠰ ᠤᠳᠠᠭ᠎ᠠ ᠶᠢᠨ ᠶᠠᠷᠢᠯᠴᠠᠭᠠᠨ ᠤ ᠲᠠᠪᠴᠠᠩ ᠳᠤ ᠪᠠᠨ ︽ᠰᠢᠨ᠎ᠡ ᠴᠠᠭ | ᠦᠶ᠎ᠡ ᠶᠢᠨ ᠠᠵᠤ ᠠᠬᠤᠶᠢᠯᠠᠯᠲᠠᠨ ᠤ ᠵᠣᠷᠢᠭ ᠰᠠᠨᠠᠭ᠎ᠠ︾ ᠪᠠᠷ ᠭᠤᠣᠯ ᠰᠡᠳᠦᠪ ᠪᠣᠯᠭᠠᠭᠰᠠᠨ ᠨᠢ ᠴᠢᠬᠤᠯᠠ ᠪᠣᠳᠠᠲᠤ ᠠᠴᠢ | ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠠᠵᠤ ᠠᠬᠤᠶᠢᠯᠠᠯᠲᠠᠳ ᠤᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ | ᠂ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠵᠤ ᠪᠠᠶᠢᠨ᠎ᠠ᠃ ᠤᠯᠠᠨ ᠢᠶᠠᠷ ᠢᠶᠠᠨ ᠶᠡᠭᠡ ᠶᠣᠰᠣᠨ ᠤ ᠦᠢᠯᠡᠰ ᠢ | ᠦᠢᠯᠡᠳᠴᠦ᠂ ᠡᠭᠦᠳᠦᠨ ᠨᠡᠭᠡᠭᠡᠬᠦ ᠠᠵᠢᠯ ᠢ ᠬᠢᠵᠦ᠂ ᠬᠠᠮᠲᠤ ᠳᠤ ᠪᠠᠨ ᠠᠰᠢᠭ ᠬᠦᠷᠲᠡᠬᠦ ᠪᠠᠷ ᠴᠢᠷᠮᠠᠶᠢᠬᠤ ᠶᠢ ᠬᠦᠰᠡᠵᠦ | ᠪᠠᠶᠢᠨ᠎ᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ | ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ᠎ᠠ᠂ ᠲᠡᠭᠡᠬᠦ ᠮᠥᠷᠲᠡᠭᠡᠨ ᠡᠯ᠎ᠡ | ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠪᠡᠯᠡ ᠣᠷᠣᠭᠤᠯᠬᠤ᠂ ᠳᠤᠮᠳᠠᠳᠤ ᠤᠯᠤᠰ ᠲᠤ ᠭᠦᠨᠵᠡᠭᠡᠶᠢᠷᠡᠬᠦ᠂ | ᠳᠤᠮᠳᠠᠳᠤ ᠤᠯᠤᠰ ᠯᠤᠭ᠎ᠠ ᠬᠠᠮᠲᠤ ᠪᠠᠷ ᠬᠥᠭᠵᠢᠬᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ | ᠦᠨᠡᠨᠴᠢ ᠠᠭᠤᠳᠠᠮᠴᠢ ᠰᠡᠳᠬᠢᠯᠭᠡ ᠪᠠᠷ ᠪᠠᠶᠠᠷᠯᠠᠨ ᠤᠭᠲᠤᠵᠤ ᠪᠠᠶᠢᠨ᠎ᠠ ᠭᠡᠵᠡᠢ᠃ | ᠴᠧᠨ ᠮᠢᠨ ᠡᠯ᠂ ᠦ᠋ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | |